ᠤᠮᠠᠷᠠᠳᠤ ᠬᠢᠯᠢ ᠶᠢᠨ ᠰᠤᠶᠤᠯ  —  ᠬᠤᠳᠠ ᠶᠢᠨ ᠨᠡᠶᠢᠭᠡᠮ ᠲᠣᠭᠤᠷᠢᠭ ᠤᠨ ᠰᠣᠨᠢᠷᠬᠠᠯᠲᠤ ᠪᠡᠶ᠎ᠡ ᠲᠠᠮᠢᠷ ᠤᠨ ᠴᠤᠭᠯᠠᠭᠠᠨ ᠵᠢᠴᠢ ᠲᠠᠪᠤᠨ ᠬᠥᠮᠦᠨ ᠤ ᠬᠥᠯ ᠪᠥᠮᠪᠦᠭᠡ ᠶᠢᠨ ᠤᠷᠤᠯᠳᠤᠭᠠᠨ ᠡᠬᠢᠯᠡᠵᠤ ᠶᠠᠪᠤᠭᠳᠠᠵᠠᠢ
ᠨᠡᠶᠢᠲᠡᠯᠡᠭᠰᠡᠨ ᠴᠠᠭ᠄
2024/8/23
    ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠣᠶᠢᠯᠠᠭᠠᠭᠳᠠᠬᠤᠨ ᠢ ᠤᠯᠠᠮᠵᠢᠯᠠᠬᠤ ᠶᠢᠨ ᠲᠥᠯᠥᠭᠡ᠂ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶ᠎ᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠢᠯᠠᠯᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠢᠶᠠᠷ ᠭᠤᠤᠯ ᠰᠡᠳᠦᠪ ᠪᠣᠯᠭᠠᠭᠰᠠᠨ ᠤᠯᠠᠭᠠᠨᠬᠤᠲᠠ ᠶᠢᠨ ᠨᠡᠶᠢᠭᠡᠮ ᠲᠣᠭᠤᠷᠢᠭ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠲᠠᠪᠤᠨ ᠬᠥᠮᠦᠨ ᠤ ᠬᠥᠯ ᠪᠥᠮᠪᠦᠭᠡ ᠶᠢᠨ ᠤᠷᠤᠯᠳᠤᠭᠠᠨ ᠡᠬᠢᠯᠡᠪᠡ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠵᠢᠴᠢ ᠬᠠᠮᠢᠶ᠎ᠠ ᠪᠥᠬᠦᠶ  ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠠᠵᠢᠯᠯᠠᠭ᠎ᠠ ᠳᠤ ᠣᠷᠣᠯᠴᠠᠵᠠᠶ᠃
    ᠦᠳᠡ ᠶᠢᠨ ᠡᠮᠦᠨᠡᠬᠢ 9 ᠴᠠᠭ ᠲᠤ᠂ ᠲᠠᠪᠤᠨ ᠬᠥᠮᠦᠨ ᠤ ᠬᠥᠯ ᠪᠥᠮᠪᠦᠭᠡ ᠶᠢᠨ ᠤᠷᠤᠯᠳᠤᠭᠠᠨ ᠢᠯᠠᠯᠲᠠ ᠶᠢᠨ ᠭᠤᠤᠯ ᠪᠠᠭ᠎ᠠ ᠰᠤᠷᠭᠠᠭᠤᠯᠢ ᠳᠤ ᠡᠬᠢᠯᠡᠪᠡ᠃ ᠤᠷᠤᠯᠳᠤᠭᠠᠨ ᠳᠤ ᠣᠷᠣᠯᠴᠠᠭᠰᠠᠳ ᠬᠥᠯᠥᠰᠥ ᠪᠠᠨ ᠤᠷᠤᠰᠬᠠᠳᠠᠯ᠎ᠠ ᠬᠦᠯ ᠪᠦᠮᠪᠦᠭᠡ ᠪᠤᠯᠢᠶᠠᠯᠴᠠᠨ ᠢᠰᠬᠦᠯᠵᠤ᠂ ᠦᠵᠡᠭᠴᠢᠳ ᠠᠯᠠᠭ᠎ᠠ ᠲᠠᠰᠢᠵᠤ ᠬᠦᠭ ᠨᠠᠮᠠᠨ᠎ᠠ᠃ 10 ᠴᠠᠭ ᠲᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠮᠠ ᠱᠦ ᠭᠠᠩ ᠤᠯᠠᠭᠠᠨᠬᠤᠲᠠ ᠶᠢᠨ ᠨᠡᠶᠢᠭᠡᠮ ᠲᠣᠭᠤᠷᠢᠭ ᠤᠨ ᠰᠣᠨᠢᠷᠬᠠᠯᠲᠤ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ ᠲᠣᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠲᠣᠬᠢᠷᠠᠭᠤᠯᠤᠭᠰᠠᠨ ᠤᠷᠤᠯᠳᠤᠭᠠᠨ ᠤ ᠵᠦᠢᠯᠡᠰ ᠡᠯᠪᠡᠭ ᠪᠠᠶᠠᠯᠢᠭ᠂ ᠬᠡᠯᠪᠡᠷᠢ ᠮᠠᠶ᠋ᠢᠭ ᠨᠢ ᠰᠢᠨ᠎ᠡ ᠰᠡᠪᠡᠭᠦᠨ᠂ ᠡᠭᠦᠨ ᠳᠤ ᠬᠠᠭᠤᠷᠠᠢ ᠭᠠᠵᠠᠷ ᠤᠨ ᠯᠤᠤᠲᠤ ᠣᠩᠭᠤᠴᠠ᠂ ᠬᠥᠳᠡᠯᠭᠡᠬᠦ ᠬᠦᠴᠦᠨ ᠤ ᠭᠠᠯᠲᠤ ᠲᠡᠷᠭᠡ ᠵᠡᠷᠭᠡ ᠶᠢ ᠪᠠᠭᠲᠠᠭᠠᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠲᠣᠰ ᠤᠳᠠᠭᠠᠨ ᠤ ᠠᠵᠢᠯᠯᠠᠭ᠎ᠠ ᠳᠤ ᠪᠥᠬᠦ ᠬᠤᠲᠠ ᠶᠢᠨ ᠡᠯ᠎ᠡ ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ︶ ᠠᠴᠠ ᠢᠷᠡᠭᠰᠡᠨ 14 ᠡᠩᠨᠡᠭᠡ᠂ 150 ᠭᠠᠷᠤᠶ ᠬᠥᠮᠦᠨ ᠣᠷᠣᠯᠴᠠᠵᠠᠶ᠃
     ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠤᠬᠠᠮᠰᠠᠷ ᠢ ᠲᠡᠭᠡᠭᠰᠢᠯᠡᠬᠦᠯᠵᠤ᠂ ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ᠂ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠬᠥᠭᠵᠢᠯᠲᠡ ᠶᠢ ᠠᠬᠢᠭᠤᠯᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠴᠠᠭ ᠦᠶ᠎ᠡ ᠶᠢ ᠰᠠᠨᠠᠭᠠᠴᠢᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号