ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠠᠩᠬᠠᠳᠠᠭᠴᠢ ᠬᠤᠭᠤᠴᠠᠭᠠᠨ ᠤ ᠵᠡᠮᠳᠡᠭᠴᠦᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/26
    ᠤᠶᠢᠷ᠎ᠠ ᠳᠤ᠂ ᠬᠢᠩᠭᠠᠨ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠶᠢᠨ ᠮᠥᠴᠢ ᠵᠡᠮᠳᠡᠭᠴᠦᠳ ᠤᠨ  ᠨᠡᠶᠢᠭᠡᠮᠯᠢᠭ ᠠᠴᠠ ᠭᠤᠣᠯᠯᠠᠨ ᠡᠷᠬᠢᠯᠡᠵᠤ᠂ ᠤᠯᠠᠭᠠᠨᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢᠨ ᠨᠡᠶᠢᠭᠡᠮᠯᠢᠭ ᠠᠴᠠ ᠬᠠᠮᠵᠢᠯᠴᠠᠨ ᠡᠷᠬᠢᠯᠡᠵᠤ᠂ ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠠᠴᠠ ᠲᠠᠭᠠᠭᠠᠴᠢᠯᠡᠨ ᠡᠷᠬᠢᠯᠡᠭᠰᠡᠨ ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠰᠤᠨᠢᠷᠬᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠺᠤᠸᠠᠩ ᠴᠢᠤᠸᠠᠨ ᠨᠡᠶᠢᠭᠡᠮ ᠲᠣᠭᠤᠷᠢᠭ ᠲᠤ ᠡᠬᠢᠯᠡᠪᠡ᠃
   ᠲᠤᠰ ᠠᠵᠢᠯᠯᠠᠭ᠎ᠠ ᠳᠤ᠂ ᠤᠯᠠᠭᠠᠨᠬᠤᠲᠠ ᠶᠢᠨ ᠵᠡᠮᠳᠡᠭᠴᠦᠳ ᠤᠨ ᠬᠤᠯᠪᠣᠭ᠎ᠠ ᠠᠴᠠ ᠬᠠᠷᠢᠶ᠎ᠠ ᠣᠷᠣᠨ ᠤ   ᠪᠠᠨ ᠵᠡᠮᠳᠡᠭᠴᠦᠳ ᠲᠤ 5 ᠬᠦᠷᠳᠦᠲᠦ ᠰᠠᠨᠳᠠᠯᠢ ᠬᠠᠨᠳᠢᠪᠯᠠᠵᠤ᠂ ᠵᠡᠮᠳᠡᠭ ᠬᠥᠮᠥᠰ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ ᠥᠭᠴᠡᠢ᠃ ᠲᠣᠰ ᠤᠳᠠᠭᠠᠨ ᠤ ᠠᠵᠢᠯᠯᠠᠭ᠎ᠠ ᠨᠢ ᠵᠡᠮᠳᠡᠭ ᠬᠥᠮᠦᠰ ᠲᠤ ᠲᠠᠮᠢᠷ ᠤᠨ ᠬᠥᠳᠡᠯᠭᠡᠭᠡᠨ ᠤ ᠪᠠᠶᠠᠷ ᠪᠠᠭ᠋ᠠᠳᠤᠯ ᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠡᠳᠡᠨ ᠳᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠲᠡᠳᠡᠨᠡᠷ ᠤᠨ  ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠢᠲᠡᠭᠡᠬᠦ ᠠᠮᠢᠳᠤᠷᠠᠯ ᠤᠨ ᠢᠲᠡᠭᠡᠯ ᠵᠣᠷᠢᠭ ᠢ ᠨᠢ ᠨᠡᠮᠡᠭᠳᠡᠭᠦᠯᠪᠡ᠃
 
ᠢᠷᠡᠯᠲᠡ᠄ ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号