ᠾᠧ ᠫᠢᠩ ᠵᠡᠭᠡᠯᠢ 12345 ᠬᠠᠯᠠᠮᠰᠢᠯ ᠤᠳᠠᠰᠤᠨ ᠤ ᠠᠵᠢᠯ ᠤᠨ ᠬᠠᠭᠤᠳᠠᠰᠤ ᠶᠢ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠤ ᠪᠤᠢ
ᠨᠡᠶᠢᠲᠡᠯᠡᠭᠰᠡᠨ ᠴᠠᠭ᠄
2024/8/26
     ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠵᠤ᠂ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠳᠤ᠂ ᠤᠯᠠᠭᠠᠨᠬᠤᠳᠠ ᠶᠢᠨ ᠾᠧ ᠫᠢᠩ ᠵᠡᠭᠡᠯᠢ ᠶᠢᠨ ᠬᠢᠨ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠬᠡᠬᠦ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠶᠠᠪᠤᠴᠠ᠂ ᠰᠢᠢᠳᠪᠦᠷᠢᠯᠡᠬᠦ ᠠᠷᠭ᠎ᠠ ᠬᠡᠯᠪᠡᠷᠢ᠂ ᠨᠡᠪᠲᠡᠷᠡᠯᠴᠡᠬᠦ ᠠᠷᠭ᠎ᠠ ᠵᠢᠴᠢ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠤᠭᠰᠠᠨ ᠦᠭᠡᠢ ᠪᠣᠳᠠᠲᠠᠢ ᠪᠠᠶᠢᠳᠠᠯ ᠤᠨ ᠲᠤᠬᠠᠢ ᠭᠤᠣᠯᠳᠠᠯᠭ᠎ᠠ ᠲᠠᠢ ᠨᠠᠷᠢᠨ ᠲᠠᠶᠢᠯᠪᠤᠷᠢᠯᠠᠯᠲᠠ ᠬᠢᠵᠡᠢ᠃      ᠪᠣᠯᠪᠠᠰᠤᠷᠠᠯ ᠢᠶᠠᠷ ᠳᠠᠮᠵᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠶᠠᠪᠤᠴᠠ᠂ ᠭᠤᠤᠯ ᠬᠦᠴᠦᠨ ᠵᠦᠢᠯ ᠵᠢᠴᠢ ᠬᠡᠷᠡᠭᠵᠢᠭᠦᠯᠬᠦ ᠭᠤᠤᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠤ ᠬᠠᠮᠲᠤ᠂ ᠡᠯ᠎ᠡ ᠨᠡᠶᠢᠭᠡᠮ ᠲᠣᠭᠤᠷᠢᠭ ᠤᠨ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠳᠤᠮᠳᠠ ᠲᠤᠯᠭᠠᠷᠠᠭᠰᠠᠨ ᠭᠤᠤᠯᠳᠠᠯᠭ᠎ᠠ᠂ ᠬᠦᠴᠢᠷ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠬᠠᠷᠢᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠪᠠ ᠬᠠᠷᠢᠭᠤ ᠲᠤᠰᠬᠠᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠤᠯᠠᠭᠠᠨᠬᠤᠲᠠ ᠶᠢᠨ ᠾᠧ ᠫᠢᠩ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号