ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠱᠧᠩᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠡᠷᠡᠬᠦᠯ ᠮᠡᠨᠳᠤ ᠶᠢᠨ ᠲᠠᠶᠢᠯᠦᠮᠵᠢ ᠬᠢᠪᠡ
ᠨᠡᠶᠢᠲᠡᠯᠡᠭᠰᠡᠨ ᠴᠠᠭ᠄
2024/8/29
    ᠨᠠᠰᠦᠳᠠᠶᠢᠴᠤᠳ ᠤᠨ ᠡᠷᠡᠬᠦᠯ ᠮᠡᠨᠳᠤ ᠶᠢᠨ ᠠᠵᠢᠯ ᠢ ᠤᠯᠠᠮ ᠨᠢᠬᠡ ᠠᠯᠬᠤᠮ ᠴᠢᠩᠭᠠᠳᠬᠠᠵᠦ᠂ ᠨᠠᠰᠦᠳᠠᠶᠢᠴᠤᠳ ᠤᠨ ᠡᠷᠡᠬᠦᠯ ᠮᠠᠨᠳᠤ ᠶᠢᠨ ᠤᠬᠠᠮᠰᠠᠷ ᠪᠠ ᠡᠪᠡᠳᠴᠢᠨ ᠡᠮᠬᠡᠭ ᠢ ᠰᠡᠷᠬᠡᠶᠢᠯᠡᠬᠦ ᠴᠢᠳᠠᠪᠦᠷᠢ ᠶᠢ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠱᠧᠩᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠡᠮᠴᠢᠯᠡᠬᠡᠨ ᠤ ᠠᠵᠢᠯᠳᠠᠳ ᠠᠢ ᠵᠢᠤᠢ ᠨᠡᠶᠢᠬᠡᠮ ᠲᠤᠭᠤᠷᠢᠭ ᠢᠶᠠᠷ ᠬᠦᠨᠵᠡᠬᠡᠶᠢᠷᠡᠨ ︽ᠨᠠᠰᠦᠳᠠᠶᠢᠴᠤᠳ ᠤᠨ ᠮᠡᠨᠡᠭ ᠡᠪᠡᠳᠴᠢᠨ ᠢ ᠤᠨᠤᠰᠢᠯᠠᠨ ᠵᠠᠰᠠᠬᠤ︾ ᠡᠷᠡᠬᠦᠯ ᠮᠡᠨᠳᠥ ᠶᠢᠨ ᠮᠡᠳᠡᠯᠬᠡ ᠶᠢᠨ ᠲᠠᠶᠢᠯᠦᠮᠵᠢ ᠬᠢᠪᠡ᠃    ᠠᠵᠢᠯᠯᠠᠭ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠱᠧᠩᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠡᠷᠡᠬᠦᠯ ᠮᠡᠨᠳᠤ ᠶᠢᠨ ᠤᠬᠠᠭᠤᠯᠤᠬᠴᠢ ᠭᠤᠤ ᠹᠠᠨ ᠡᠮᠴᠢ ᠨᠠᠰᠦᠳᠠᠶᠢᠴᠤᠳ ᠤᠨ ᠮᠡᠨᠡᠭ ᠡᠪᠡᠳᠴᠢᠨ ᠢ ᠤᠨᠤᠰᠢᠯᠠᠨ ᠵᠠᠰᠠᠬᠤ ᠭᠤᠤᠯ ᠰᠡᠳᠤᠪ ᠤᠨ ᠲᠤᠭᠤᠷᠢᠨ ᠳᠤ᠂ ᠲᠦᠬᠦᠮ ᠤᠶᠢᠯᠠᠭᠠᠮᠵᠢᠳᠠᠢ ᠬᠡᠯᠡ ᠬᠡᠯᠡᠯᠬᠡ ᠪᠠᠷ ᠨᠠᠰᠦᠳᠠᠶᠢᠴᠤᠳ ᠤᠨ ᠮᠡᠨᠡᠭ ᠡᠪᠡᠳᠴᠢᠨ ᠤ ᠤᠬᠠᠬᠳᠠᠬᠤᠨ᠂ ᠤᠨᠤᠰᠢᠯᠠᠬᠤ ᠪᠠ ᠬᠠᠪᠰᠤᠷᠭᠠᠯ ᠤᠨᠤᠰᠢᠯᠠᠯᠳᠠ᠂ ᠬᠦᠳᠡᠯᠬᠡᠬᠡᠨ ᠢᠶᠠᠷ ᠡᠷᠡᠬᠦᠯᠵᠢᠬᠦᠯᠬᠦ ᠵᠡᠷᠭᠡ ᠲᠠᠯ᠎ᠠ ᠪᠠᠷ ᠨᠠᠰᠦᠳᠠᠶᠢᠴᠤᠳ ᠤᠨ ᠮᠡᠨᠡᠭ ᠡᠪᠡᠳᠴᠢᠨ ᠤ ᠲᠤᠬᠠᠢ ᠡᠷᠡᠬᠦᠯ ᠮᠡᠨᠳᠥ ᠶᠢᠨ ᠮᠡᠳᠡᠯᠬᠡ ᠶᠢ ᠲᠠᠶᠢᠯᠪᠦᠷᠢᠯᠠᠵᠦ᠂ ᠵᠢᠱᠢᠶ᠎ᠡ ᠶᠢ ᠵᠠᠳᠠᠯᠬᠤ ᠪᠠᠷ ᠲᠠᠮᠵᠢᠭᠤᠯᠤᠨ ᠤᠯᠠᠨ ᠲᠦᠮᠡᠨ ᠳᠤ ᠡᠳᠦᠷ ᠲᠤᠳᠤᠮ ᠤᠨ ᠠᠮᠢᠳᠦᠷᠠᠯ ᠲᠤᠮᠳᠠ ᠪᠠᠨ ᠬᠡᠷᠬᠢᠨ ᠡᠷᠡᠬᠦᠯ ᠴᠢᠬᠢᠷᠠᠭ ᠠᠮᠢᠳᠦᠷᠠᠯ ᠤᠨ ᠲᠠᠳᠬᠠᠯ ᠲᠠᠢ ᠪᠤᠯᠬᠤ᠂ ᠪᠠᠶᠠᠷ ᠪᠠᠶᠠᠰᠬᠤᠯᠠᠩᠳᠠᠢ ᠪᠠᠶᠢᠬᠤ᠂ ᠢᠯᠡᠬᠦᠦ ᠬᠦᠳᠡᠯᠬᠡᠬᠡᠨ ᠬᠢᠬᠦ ᠵᠡᠷᠭᠡ ᠡᠷᠡᠬᠦᠯ ᠮᠡᠨᠳᠤ ᠶᠢᠨ ᠮᠡᠳᠡᠯᠬᠡ ᠶᠢ ᠲᠦᠬᠡᠮᠡᠯᠵᠢᠬᠦᠯᠵᠡᠢ᠃                                                           ︵ᠠᠷᠢᠭᠤᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号