ᠤᠯᠠᠭᠠᠨᠬᠠᠳᠠ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠲᠠᠷᠪᠤᠰ ᠲᠡᠭᠦᠬᠦ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/8/30
  ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠥᠨᠳᠥᠷ ᠪᠠᠷᠢᠮᠵᠢᠶᠠᠲᠤ ᠲᠦᠬᠦᠭᠡᠷᠦᠮᠵᠢᠳᠤ ᠲᠠᠷᠢᠶᠠᠯᠠᠩ ᠤᠨ ᠲᠣᠭᠤᠷᠢᠭ ᠤᠨ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠳᠡᠯᠭᠡᠨ ᠦᠵᠡᠭᠦᠯᠬᠦ ᠶᠢᠨ ᠲᠥᠯᠥᠭᠡ ᠂ 8 ᠰᠠᠷ᠎ᠠ ᠶᠢᠨ 25 ᠤ ᠡᠳᠦᠷ᠂ ᠤᠯᠠᠭᠠᠨᠬᠠᠳᠠ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠲᠠᠷᠪᠤᠰ ᠲᠡᠭᠦᠬᠦ ᠨᠠᠶᠢᠷ ᠡᠬᠢᠯᠡᠵᠦ᠂ ᠤᠯᠠᠭᠠᠨᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠢᠩ ᠺᠦᠨ ᠲᠤᠰ ᠠᠵᠢᠯᠯᠠᠭ᠎ᠠ ᠳᠤ ᠣᠷᠣᠯᠴᠠᠪᠠ᠃
     ᠲᠠᠷᠪᠤᠰ ᠲᠡᠭᠦᠬᠦ ᠨᠠᠶᠢᠷ ᠤᠨ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂  ᠣᠯᠠᠨ ᠢᠶᠠᠷ ᠢᠶᠠᠨ ᠳᠠᠭᠤᠯᠠᠨ ᠪᠥᠵᠢᠭᠯᠡᠵᠦ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠨ ᠬᠠᠮᠲᠤ ᠪᠠᠷ ᠡᠳ᠋ᠯᠡᠵᠦ᠂ ᠢᠷᠠᠭᠤ ᠰᠠᠶᠢᠬᠠᠨ ᠳᠠᠭᠤᠤ ᠬᠥᠭᠵᠢᠮ ᠪᠠ ᠪᠠᠶᠠᠷ ᠪᠠᠶᠠᠰᠬᠤᠯᠠᠩᠲᠤ ᠪᠥᠵᠢᠭ ᠢᠶᠠᠷ ᠰᠢᠨ᠎ᠡ ᠴᠠᠭ ᠦᠶ᠎ᠡ᠂ ᠰᠢᠨ᠎ᠡ ᠬᠥᠳᠡᠭᠡ ᠲᠣᠰᠬᠤᠨ᠂ ᠰᠢᠨ᠎ᠡ ᠲᠠᠷᠢᠶᠠᠴᠢᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
    ᠠᠵᠢᠯᠯᠠᠭ᠎ᠠ ᠶᠢᠨ ᠳᠤᠮᠳᠠ᠂ ᠬᠥᠮᠦᠰ ᠤᠨ ᠠᠩᠬᠠᠷᠤᠯ ᠢ ᠬᠠᠮᠤᠭ ᠠᠴᠠ ᠲᠠᠳᠠᠭᠰᠠᠨ ᠨᠢ ᠲᠠᠷᠪᠤᠰ ᠢ ᠦᠨ᠎ᠡ  ᠬᠠᠶᠠᠯᠴᠠᠵᠤ ᠬᠤᠳᠠᠯᠳᠤᠬᠰᠠᠨ ᠶᠠᠪᠤᠳᠠᠯ ᠪᠣᠯᠤᠨ᠎ᠠ᠃ ︽ᠰᠠᠶᠢᠨ ᠰᠠᠶᠢᠬᠠᠨ ᠰᠠᠷᠠᠭᠤᠯ ᠢᠷᠡᠭᠡᠳᠦᠢ︾᠂ ︽ᠲᠦᠷᠦ ᠲᠦᠪᠰᠢᠨ ᠲᠦᠮᠡᠨ ᠠᠮᠤᠭᠤᠯᠠᠩ︾ ᠵᠡᠷᠭᠡ 100 ᠵᠢᠩ ᠢ ᠳᠠᠪᠠᠭᠰᠠᠨ ᠪᠥᠭᠡᠳ ᠰᠠᠶᠢᠨ ᠰᠠᠶᠢᠬᠠᠨ ᠢ ᠪᠡᠯᠭᠡᠳᠡᠭᠰᠡᠨ ᠶᠡᠭᠡ ᠲᠠᠷᠪᠤᠰ ᠬᠤᠷᠤᠮᠬᠠᠨ ᠵᠠᠭᠤᠷ᠎ᠠ ᠦᠨ᠎ᠡ ᠬᠠᠶᠠᠯᠴᠠᠨ ᠬᠤᠳᠠᠯᠳᠤᠵᠤ ᠳᠠᠭᠤᠰᠪᠠ᠃ ᠡᠴᠦᠰ ᠲᠤ᠂ ︽ᠭᠤᠸᠠ  ᠶᠢᠨ ᠸᠠᠩ︾ ᠬᠡᠮᠡᠭᠳᠡᠭᠰᠡᠨ 138 ᠵᠢᠩ ᠤᠨ ᠲᠠᠷᠪᠤᠰ ᠢ  108880 ᠲᠥᠭᠦᠷᠢᠭ ᠤᠨ ᠥᠨᠳᠥᠷ ᠦᠨ᠎ᠡ ᠪᠠᠷ ᠬᠤᠳᠠᠯᠳᠤᠪᠠ᠃  
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号