ᠤᠯᠠᠭᠠᠨᠬᠤᠲᠠ ᠬᠦᠷᠢᠶ᠎ᠡ ᠬᠠᠰᠢᠶᠠᠨ ᠤ ᠠᠵᠤ ᠠᠬᠤᠢ ᠪᠠᠷ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/8/6
  ᠣᠶᠢᠷ᠎ᠠ ᠶᠢᠨ ᠵᠢᠯ ᠳᠤ᠂ ᠤᠯᠠᠭᠠᠨᠬᠤᠲᠠ ᠭᠠᠵᠠᠷ ᠣᠷᠣᠨ ᠤ ᠥᠪᠡᠷᠮᠢᠴᠡ ᠳᠠᠪᠠᠭᠤᠯᠢᠭ ᠪᠠ ᠡᠬᠢ ᠪᠠᠶᠠᠯᠢᠭ ᠤᠨ ᠣᠨᠴᠠᠯᠢᠭ ᠲᠠᠭᠠᠨ ᠲᠦᠰᠢᠭᠯᠡᠨ᠂ ᠬᠦᠷᠢᠶ᠎ᠡ ᠬᠠᠰᠢᠶᠠᠨ ᠤ ᠠᠵᠤ ᠠᠬᠤᠶ᠂ ᠤᠰᠤᠨ ᠲᠤᠲᠤᠷᠭ᠎ᠠ ᠳᠠᠷᠢᠬᠤ ᠶᠢ ᠶᠡᠭᠡ ᠪᠠᠷ ᠬᠥᠭᠵᠢᠭᠦᠯᠵᠦ᠂ ᠤᠨᠴᠠᠯᠢᠬᠳᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠳᠣᠲᠣᠭᠠᠳᠤ ᠬᠥᠳᠡᠯᠭᠡᠬᠦ ᠬᠦᠴᠦᠨ ᠪᠤᠯᠭᠠᠵᠤ ᠪᠤᠢ᠃
      ᠰᠤᠷᠪᠤᠯᠵᠢᠯᠠᠭᠴᠢ ᠭᠡᠭᠡᠨᠰᠦ᠋ᠮ᠎ᠡ ᠪᠠᠯᠭᠠᠰᠤᠨ ᠤ ᠪᠠᠶ᠋ᠬᠠᠬᠠᠳᠠ ᠭᠠᠴᠠᠭᠠᠨ ᠤ ᠠᠷᠠᠳ ᠡᠤ ᠪᠠᠮᠪᠠᠷ ᠤᠨ ᠬᠦᠷᠢᠶᠡᠨ ᠳᠤ ᠣᠷᠣᠬᠤ ᠳᠤ᠂ ᠨᠤᠭᠤᠭᠠᠨ ᠤᠷᠢᠶᠠᠩᠭᠤ ᠶᠢᠨ ᠲᠤᠤᠷ᠎ᠠ ᠪᠦᠳᠤᠬᠦᠨ ᠲᠠᠷᠪᠤᠰ ᠨᠢᠭᠤᠭᠳᠠᠨ᠎ᠠ᠂ ᠬᠤᠷ᠎ᠠ ᠲᠣᠨᠣᠳᠠᠰᠤ ᠵᠢᠴᠢ ᠭᠡᠷᠡᠯ ᠤᠨ ᠲᠤᠰᠤᠯᠲᠠ ᠵᠡᠷᠭᠡ ᠨᠥᠬᠦᠴᠡᠯ ᠨᠢ ᠲᠣᠬᠢᠷᠠᠮᠵᠢᠲᠠᠢ ᠠᠴᠠ ᠡᠤ ᠪᠠᠮᠪᠡᠷ ᠡᠨᠡ ᠵᠢᠯ ᠤᠨ ᠲᠠᠷᠪᠤᠰ ᠤᠨ ᠠᠮᠲᠠ ᠪᠣᠯᠤᠨ ᠤᠨᠠᠯᠲᠠ ᠳᠠᠭᠠᠨ ᠢᠲᠡᠭᠡᠯ ᠳᠦᠭᠦᠷᠡᠩ ᠪᠣᠯᠵᠠᠢ᠂ ︽ᠮᠢᠨᠤ ᠡᠳᠡᠭᠡᠷ ᠲᠠᠷᠪᠤᠰ ᠴᠥᠮ ᠪᠠᠶᠢᠭᠠᠯᠢᠯᠢᠭ ᠢᠳᠡᠭᠡᠨ ᠪᠠᠶᠢᠵᠤ᠂  ᠤᠷᠵᠢᠨᠤᠨ ᠲᠠᠪᠤᠨ ᠮᠢᠩᠭ᠎ᠠ ᠭᠠᠷᠤᠢ ᠲᠥᠭᠦᠷᠢᠭ ᠤᠨ ᠤᠷᠤᠯᠭ᠎ᠠ ᠤᠯᠵᠤ᠂ ᠡᠨᠡ ᠵᠢᠯ ᠪᠠᠷᠤᠭ ᠲᠦᠮᠡ ᠭᠠᠷᠤᠢ ᠲᠥᠭᠦᠷᠢᠭ ᠤᠨ ᠤᠷᠤᠯᠭ᠎ᠠ ᠤᠯᠤᠨ᠎ᠠ︾ ᠭᠡᠯ᠎ᠠ᠃  ᠲᠠᠷᠪᠤᠰ ᠠᠴᠠ ᠪᠤᠰᠤᠳ᠂ ᠪᠠᠶᠠᠨᠬᠠᠳᠠ ᠭᠠᠴᠠᠭᠠᠨ ᠤ ᠠᠷᠠᠳ ᠪᠠᠰᠠ ᠥᠪᠡᠷ ᠤᠨ ᠬᠦᠷᠢᠶ᠎ᠡ ᠬᠠᠰᠢᠶᠠᠨ ᠳᠠᠭᠠᠨ ᠤᠰᠤᠨ ᠲᠤᠲᠤᠷᠭ᠎ᠠ ᠲᠠᠷᠢᠵᠠᠢ᠃ ᠪᠠᠭ᠎ᠠ ᠬᠡᠪᠴᠢᠶᠡᠨ ᠤ᠂ ᠤᠯᠠᠨ ᠶᠠᠩᠵᠤ ᠶᠢᠨ ᠲᠠᠷᠢᠮᠠᠯ ᠤᠨ ᠵᠠᠭᠪᠤᠷ ᠨᠢ ᠬᠢᠵᠠᠭᠠᠷ ᠲᠠᠢ ᠣᠷᠣᠨ ᠵᠠᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠭᠰᠠᠨ ᠢᠶᠠᠷ ᠪᠠᠷᠠᠬᠤ ᠦᠭᠡᠢ ᠨᠡᠩ ᠴᠤ ᠠᠵᠤ ᠠᠬᠤᠢ ᠶᠢᠨ ᠣᠷᠣᠯᠭ᠎ᠠ ᠪᠠᠨ ᠴᠤ ᠨᠡᠮᠡᠭᠳᠡᠭᠦᠯᠦᠭᠰᠡᠨ ᠪᠠᠶᠢᠨ᠎ᠠ᠃  ︽ᠡᠨᠡ ᠵᠢᠯ ᠮᠠᠨ ᠤ ᠭᠠᠴᠠᠭ᠎ᠠ ᠶᠢᠨ ᠠᠷᠠᠳ 63 ᠡᠷᠦᠬᠡ ᠨᠢ ᠲᠠᠷᠪᠤᠰ᠂ 29 ᠡᠷᠤᠭᠡ ᠨᠢ ᠤᠰᠤᠨ ᠲᠤᠲᠤᠷᠭ᠎ᠠ ᠲᠠᠷᠢᠯ᠎ᠠ᠃ ᠪᠠᠷᠤᠭᠴᠠᠯᠠᠪᠠᠯ᠂ ᠡᠨᠡ ᠵᠢᠯ ᠤᠨ ᠬᠦᠷᠢᠶ᠎ᠡ ᠬᠠᠰᠢᠶᠠᠨ ᠤ ᠠᠵᠤ ᠠᠬᠤᠶ ᠠᠷᠪᠠᠨ ᠲᠠᠪᠤ ᠵᠢᠷᠭᠤᠭᠠᠨ ᠲᠦᠮᠡ ᠳᠤ ᠬᠦᠷᠴᠦ ᠲᠡᠶᠢᠯᠤᠨ᠎ᠠ︾ ᠭᠡᠵᠤ ᠭᠡᠭᠡᠨᠰᠦ᠋ᠮ᠎ᠡ ᠪᠠᠯᠭᠠᠰᠤᠨ ᠤ ᠪᠠᠶ᠋ᠬᠠᠬᠠᠳᠠ ᠭᠠᠴᠠᠭᠠᠨ ᠤ ᠨᠠᠮ ᠤᠨ ᠡᠭᠦᠷ ᠤᠨ ᠱᠦᠵᠢ ᠸᠠᠩ ᠯᠢᠦ ᠵᠤᠸᠠᠩ ᠰᠤᠷᠪᠤᠯᠵᠢᠯᠠᠭᠴᠢ ᠳᠤ ᠬᠡᠯᠡᠪᠡ᠃
     ︽ᠤᠰᠤᠨ ᠲᠤᠲᠤᠷᠭ᠎ᠠ ᠪᠣᠯ ᠮᠠᠨ ᠤ ᠰᠠᠨ ᠾᠧ ᠲᠣᠰᠬᠤᠨ ᠤ ᠤᠨᠴᠠᠯᠢᠬᠳᠤ ᠠᠵᠤ ᠦᠢᠯᠡᠰ ᠪᠣᠯᠤᠨ᠎ᠠ᠂ ᠡᠨᠡ ᠬᠤᠶᠠᠷ ᠵᠢᠯ ᠳᠤ ᠲᠠᠷᠢᠬᠤ ᠮᠡᠷᠭᠡᠵᠢᠯ ᠢ ᠰᠠᠶᠢᠵᠢᠷᠠᠭᠤᠯᠬᠤ ᠪᠠᠷ ᠳᠠᠮᠵᠢᠭᠤᠯᠵᠤ᠂ ᠲᠠᠷᠢᠬᠤ ᠠᠷᠭ᠎ᠠ ᠤᠯᠠᠮ ᠠᠴᠠ ᠤᠯᠠᠮ ᠰᠢᠨᠵᠢᠯᠡᠬᠦ ᠤᠬᠠᠭᠠᠨᠴᠢ ᠪᠤᠯᠵᠤ᠂ ᠤᠨᠠᠯᠲᠠ ᠶᠡᠬᠡᠪᠡᠷ ᠳᠡᠭᠡᠭᠰᠢᠯᠡᠪᠡ᠃ ᠡᠨᠡ ᠵᠢᠯ ᠲᠦᠮᠡᠨ ᠮᠦ ᠲᠤᠳᠤᠷᠭ᠎ᠠ ᠲᠠᠷᠢᠵᠤ᠂ ᠵᠢᠱᠢᠯᠲᠡ ᠪᠠᠷ ᠭᠠᠷᠤᠯᠲᠠ ᠨᠢ ᠮᠢᠩᠭ᠎ᠠ ᠬᠤᠶᠠᠷ ᠵᠠᠭᠤᠨ ᠲᠦᠮᠡᠨ ᠵᠢᠩ ᠪᠤᠯᠤᠨ᠎ᠠ᠃ ᠰᠠᠨ ᠾᠧ ᠲᠣᠰᠬᠤᠨ ᠤᠰᠤᠨ ᠲᠤᠲᠤᠷᠭ᠎ᠠ ᠲᠠᠷᠢᠬᠤ ᠳᠤ ᠲᠦᠰᠢᠭᠯᠡᠵᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠭᠰᠡᠨ ᠪᠥᠭᠡᠳ ᠰᠠᠨ ᠾᠧ ᠲᠣᠰᠬᠤᠨ ᠤ ᠬᠥᠭᠵᠢᠯᠲᠡ ᠶᠢ  ᠴᠤ ᠲᠠᠶᠢᠴᠢᠯᠠᠵᠠᠢ︾ ᠭᠡᠵᠤ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠤ ᠨᠠᠮ ᠤᠨ ᠡᠭᠦᠷ ᠤᠨ ᠱᠦᠵᠢ ᠰᠢᠤᠢ ᠵᠦᠩ ᠹᠧᠩ ᠰᠤᠷᠪᠤᠯᠵᠢᠯᠠᠭᠴᠢ ᠳᠤ ᠬᠡᠯᠡᠪᠡ᠃
      ᠥᠨᠥᠳᠦᠷ ᠤᠨ ᠤᠯᠠᠭᠠᠨᠬᠤᠲᠠ ᠲᠠᠷᠢᠶᠠᠴᠢᠳ ᠢ ᠢᠳᠡᠪᠬᠢᠲᠡᠶ ᠪᠠᠷ ᠲᠠᠶᠢᠴᠢᠯᠡᠨ ᠵᠢᠯᠣᠭᠤᠳᠴᠤ ᠬᠡᠷ ᠪᠠᠶᠢᠰᠢᠩ ᠤᠨ ᠡᠮᠦᠨ᠎ᠡ ᠬᠤᠶᠢᠨᠠᠬᠢ ᠰᠤᠯᠠ ᠭᠠᠵᠠᠷ ᠰᠢᠷᠣᠶ ᠶᠢ ᠠᠰᠢᠭᠯᠠᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠪᠠᠭ᠎ᠠ ᠤᠰᠤᠨ ᠲᠤᠲᠤᠷᠭ᠎ᠠ ᠳᠠᠷᠢᠬᠤ ᠬᠦᠷᠢᠶᠡᠯᠡᠩ᠂ ᠲᠠᠷᠪᠤᠰ ᠤᠨ ᠬᠦᠷᠢᠶᠡᠯᠡᠩ᠂ ᠲᠡᠵᠢᠭᠡᠨ ᠦᠷᠡᠵᠢᠭᠦᠯᠬᠦ ᠬᠦᠷᠢᠶᠡᠯᠡᠩ ᠵᠡᠷᠭᠡ ᠬᠦᠷᠢᠶ᠎ᠡ ᠬᠠᠰᠢᠶ᠎ᠠ ᠶᠢᠨ ᠳᠠᠷᠢᠵᠤ ᠲᠡᠵᠢᠭᠡᠬᠦ ᠠᠵᠤ ᠦᠢᠯᠡᠰ ᠢ ᠪᠣᠶ ᠪᠣᠯᠭᠠᠵᠤ᠂  ᠢᠮᠠᠬᠤ ᠶᠢᠨ ᠴᠢᠨᠡᠭᠡ ᠭᠠᠵᠠᠷ ᠶᠢ ᠴᠤ ᠰᠠᠶᠢᠳᠤᠷ ᠠᠰᠢᠭᠯᠠᠵᠤ ︽ᠣᠷᠣᠯᠭ᠎ᠠ ᠪᠠᠨ ᠨᠡᠮᠡᠭᠳᠡᠭᠦᠯᠬᠦ ᠬᠦᠷᠢᠶᠡᠯᠡᠩ︾ ᠪᠣᠯᠭᠠᠨ ᠪᠥᠲᠥᠭᠡᠨ ᠪᠠᠶᠢᠭᠤᠯᠵᠤ ᠪᠠᠶᠢᠬᠤ ᠪᠠᠷ ᠪᠠᠷᠠᠬᠤ ᠥᠬᠡᠶ ᠪᠠᠰᠠ 15 ᠲᠦᠮᠡ ᠭᠠᠷᠤᠶ ᠮᠥ ᠤᠰᠤᠨ ᠲᠤᠲᠤᠷᠭ᠎ᠠ ᠳᠠᠷᠢᠵᠤ᠂ ᠤᠨᠴᠠᠯᠢᠭᠳᠤ ᠠᠵᠤ ᠦᠢᠯᠡᠰ ᠨᠢ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠵᠤ ᠪᠤᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号