ᠭᠡᠭᠡᠨᠰᠦ᠋ᠮ᠎ᠡ ᠪᠠᠯᠭᠠᠰᠤ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/7
 ᠬᠡᠦᠬᠡᠳ ᠤᠳ ᠢ ᠨᠣᠮ ᠪᠢᠴᠢᠭ ᠢᠶᠠᠷ ᠬᠠᠨᠢ ᠪᠣᠯᠭᠠᠵᠤ᠂ ᠨᠣᠮ ᠤᠩᠰᠢᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠶᠢᠨ ᠲᠦᠯᠦᠭᠡ᠂ ᠣᠶᠢᠷ᠎ᠠ ᠳᠤ᠂ ᠤᠯᠠᠭᠠᠨᠬᠤᠳᠠ ᠶᠢᠨ ᠭᠡᠭᠡᠨᠰᠦ᠋ᠮ᠎ᠡ ᠪᠠᠯᠭᠠᠰᠤᠨ ᠤ ᠡᠯ᠎ᠡ ᠭᠠᠴᠠᠭ᠎ᠠ ᠲᠠᠯ᠎ᠠ ᠨᠤᠲᠤᠭ ᠤᠨ ᠨᠣᠮ ᠤᠨ ᠥᠷᠥᠭᠡᠨ ᠳᠤ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃  
    ᠪᠠᠶᠠᠨᠬᠤᠸᠠ ᠭᠠᠴᠠᠭᠠᠨ ᠤ ᠲᠠᠯ᠎ᠠ ᠨᠤᠲᠤᠭ ᠤᠨ ᠨᠣᠮ ᠤᠨ ᠥᠷᠥᠭᠡ ᠳᠤ᠂ ᠰᠤᠷᠭᠠᠭᠤᠯᠢ ᠳᠤ ᠪᠠᠶᠢᠭ᠎ᠠ ᠣᠶᠤᠲᠠᠨ ᠪᠠᠶ ᠰᠢᠤᠸᠠᠢ ᠶᠠᠭ ᠲᠣᠰᠬᠤᠨ ᠤ ᠬᠡᠦᠬᠡᠳ ᠲᠠᠢ ᠬᠠᠮᠲᠤ ᠤᠩᠰᠢᠯᠭ᠎ᠠ ᠶᠢᠨ ᠪᠠᠶᠠᠷ ᠪᠠᠶᠠᠰᠤᠯ ᠢ ᠬᠤᠪᠢᠶᠠᠯᠴᠠᠨ᠎ᠠ᠂ ᠣᠯᠠᠨ ᠢᠶᠠᠷ ᠢᠶᠠᠨ ᠡᠳᠦᠷ ᠪᠦᠷᠢ ︽ᠡᠯᠧᠺᠲᠷᠤᠨ ᠲᠥᠬᠦᠭᠡᠷᠦᠮᠵᠢ ᠶᠢ ᠳᠤᠲᠠᠭᠤ ᠨᠢᠭᠡ ᠴᠠᠭ ᠦᠵᠡᠵᠦ᠂ ᠨᠣᠮ ᠪᠢᠴᠢᠭ ᠢ ᠢᠯᠡᠬᠦᠤ ᠨᠢᠭᠡ ᠴᠠᠭ ᠤᠩᠰᠢᠨ︾᠂  ᠨᠤᠮ ᠪᠢᠴᠢᠭ ᠤᠨ ᠲᠠᠯᠠᠢ ᠪᠠᠷ ᠱᠤᠮᠪᠠᠵᠤ᠂ ᠤᠩᠰᠢᠯᠭ᠎ᠠ ᠶᠢ ᠠᠮᠢᠳᠤᠷᠠᠯ ᠤᠨ ᠳᠤᠮᠳᠠᠬᠢ ᠰᠠᠶᠢᠨ ᠰᠠᠶᠢᠬᠠᠨ ᠳᠠᠳᠬᠠᠯ ᠪᠣᠯᠭᠠᠬᠤ ᠬᠡᠷᠡᠭᠲᠡᠶ ᠭᠡᠵᠦ ᠤᠷᠢᠶᠠᠯᠠᠪᠠ᠃ ᠠᠵᠢᠯᠯᠠᠭ᠎ᠠ ᠶᠢᠨ ᠳᠤᠮᠳᠠ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠵᠢᠯᠲᠠᠳ ᠪᠠᠰᠠ ᠰᠠᠶᠢᠨ ᠨᠣᠮ᠂ ᠵᠢᠩᠬᠢᠨᠢ ᠬᠡᠪᠯᠡᠯ ᠤᠨ ᠨᠣᠮ ᠪᠢᠴᠢᠭ ᠢ ᠬᠡᠷᠬᠢᠨ ᠢᠯᠭᠠᠨ ᠲᠠᠨᠢᠬᠤ ᠠᠷᠭ᠎ᠠ ᠶᠢ ᠬᠡᠦᠬᠡᠳ ᠤᠳ ᠲᠤ ᠲᠠᠶᠢᠯᠪᠤᠷᠢᠯᠠᠨ ᠥᠭᠴᠦ᠂ ᠲᠡᠳᠡᠨ ᠢ ᠲᠠᠶᠢᠴᠢᠯᠡᠨ ᠵᠢᠯᠣᠭᠤᠳᠴᠤ ᠪᠠᠶᠢᠭᠠᠳ ᠰᠠᠶᠢᠨ ᠨᠣᠮ ᠤᠩᠰᠢᠭᠤᠯᠵᠤ᠂ ᠬᠤᠤᠷ ᠬᠥᠨᠥᠭᠡᠯ ᠲᠠᠢ ᠬᠡᠪᠯᠡᠭᠳᠡᠬᠦᠨ ᠢ ᠡᠰᠡᠷᠭᠦᠴᠡᠨ ᠬᠤᠷᠢᠭᠯᠠᠵᠤ᠂ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠪᠣᠶ ᠪᠣᠯᠭᠠᠪᠠ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号