ᠤᠯᠠᠭᠠᠨᠬᠤᠲᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ︽ᠭᠤᠷᠪᠠᠨ ᠠᠷᠪᠠ︾ ᠶᠢᠨ ᠫᠠᠶᠢᠰᠠ ᠣᠯᠭᠤᠬᠤ ᠶᠣᠰᠣᠯᠠᠯ ᠶᠠᠪᠤᠭᠤᠯᠤᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/10
  ᠡᠷᠦᠬᠡ ᠶᠢᠨ ᠴᠡᠷᠢᠭ ᠤᠨ ᠡᠩᠨᠡᠭᠡ ᠶᠢ ᠨᠠᠩ ᠰᠠᠶᠢᠲᠤᠷ ᠨᠢᠭᠲᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 6 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠠᠭᠠᠨᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠠᠮᠲᠤᠷᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ︽ᠭᠤᠷᠪᠠᠨ ᠠᠷᠪᠠ︾ ᠶᠢᠨ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠮᠢᠩ ᠶᠠᠩ᠂ ᠤᠯᠠᠭᠠᠨᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠤᠤᠯ ᠤᠳᠤᠷᠢᠳᠤᠯᠭ᠎ᠠ ᠵᠢᠴᠢ ᠵᠡᠭᠡᠯᠢ ᠭᠤᠳᠤᠮᠵᠢ᠂ ᠰᠤᠷᠭᠠᠭᠤᠯᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃
       ᠶᠣᠰᠣᠯᠠᠯ ᠳᠡᠭᠡᠷ᠎ᠡ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠬᠤᠲᠠ ᠶᠢᠨ ᠲᠡᠭᠦᠷᠭᠡ ᠵᠡᠭᠡᠯᠢ ᠶᠢᠨ ᠰᠢᠩ ᠪᠸᠢ ᠨᠡᠶᠢᠭᠡᠮ ᠲᠣᠭᠤᠷᠢᠭ᠂ ᠳᠡᠭᠦᠯᠢᠨ ᠵᠡᠭᠡᠯᠢ ᠶᠢᠨ ᠵᠢᠶᠠᠨ ᠰᠢᠩ ᠨᠡᠶᠢᠭᠡᠮ ᠲᠣᠭᠤᠷᠢᠭ ᠪᠣᠯᠤᠨ ᠲᠡᠮᠦᠷ ᠵᠠᠮ ᠤᠨ ᠪᠠᠷᠠᠭᠤᠨ ᠵᠡᠭᠡᠯᠢ ᠶᠢᠨ ᠴᠢᠩ ᠰᠦᠩ ᠨᠡᠶᠢᠭᠡᠮ ᠲᠣᠭᠤᠷᠢᠭ ᠲᠤ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠭᠡᠬᠦ ᠫᠠᠶᠢᠰᠠ ᠣᠯᠭᠤᠵᠤ᠂ ᠳᠡᠭᠦᠯᠢᠨ ᠵᠡᠭᠡᠯᠢ ᠶᠢᠨ ᠬᠤᠪᠢᠰᠬᠠᠯ ᠤᠨ ᠶᠠᠷᠢᠶᠠᠨ ᠤ ᠲᠠᠩᠬᠢᠮ᠂ ᠬᠤᠲᠠ ᠶᠢᠨ ᠲᠡᠭᠦᠷᠭᠡ ᠵᠡᠭᠡᠯᠢ ᠶᠢᠨ ᠬᠤᠪᠢᠰᠬᠠᠯ ᠤᠨ ᠺᠢᠨᠣ᠋ ᠶᠢᠨ ᠣᠷᠳᠣᠨ᠂ ᠾᠧ ᠵᠠᠨ ᠪᠠᠭ᠎ᠠ ᠰᠤᠷᠭᠠᠭᠤᠯᠢ ᠶᠢᠨ ᠬᠤᠪᠢᠰᠬᠠᠯ ᠤᠨ ᠺᠢᠨᠣ᠋ ᠶᠢᠨ ᠣᠷᠳᠣᠨ ᠳᠤ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠢᠴᠢᠶᠡᠯ ᠤᠨ ᠲᠠᠩᠬᠢᠮ︾ ᠭᠡᠬᠦ ᠫᠠᠶᠢᠰᠠ ᠣᠯᠭᠤᠭᠰᠠᠨ ᠪᠥᠭᠡᠳ ᠬᠤᠲᠠ ᠶᠢᠨ ᠲᠡᠭᠦᠷᠭᠡ ᠵᠡᠭᠡᠯᠢ ᠶᠢᠨ ᠰᠢᠩ ᠪᠸᠢ ᠨᠡᠶᠢᠭᠡᠮ ᠲᠣᠭᠤᠷᠢᠭ ᠤᠨ ᠫᠠᠶᠢᠰᠠ ᠶᠢ ᠰᠡᠬᠦᠪᠡ᠃ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠬᠥᠮᠦᠰ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠪᠡ᠃
      2023 ᠣᠨ ᠳᠤ᠂ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ︿ᠭᠤᠴᠢᠨ﹀ ᠲᠠᠪᠴᠠᠩ ᠤᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠲᠣᠭᠲᠠᠭᠠᠵᠤ᠂ ᠬᠢᠩᠭᠠᠨ ᠠᠶᠢᠮᠠᠭ ᠤᠨ ᠬᠡᠪᠴᠢᠶᠡᠨ ᠳᠤ ᠤᠷᠢᠳ ᠬᠤᠵᠢᠳ 10 ᠵᠤᠷᠪᠤᠰ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠡᠭᠡᠯᠢ ᠭᠤᠳᠤᠮᠵᠢ᠂ 10 ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠤᠪᠢᠰᠬᠠᠯᠲᠤ ᠨᠡᠶᠢᠭᠡᠮ ᠲᠣᠭᠤᠷᠢᠭ ᠪᠣᠯᠤᠨ 10 ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠤᠪᠢᠰᠬᠠᠯ ᠤᠨ ᠬᠢᠴᠢᠶᠡᠯ ᠤᠨ ᠲᠠᠩᠬᠢᠮ ᠢ ᠪᠠᠶᠢᠭᠤᠯᠪᠠ᠃ ᠨᠢᠭᠡ ᠵᠢᠯ ᠤᠨ ᠬᠤᠭᠤᠴᠠᠭᠠᠨ ᠤ ᠨᠠᠷᠢᠨ ᠨᠢᠮᠪᠠᠶ ᠴᠣᠭᠴᠠᠯᠠᠯᠲᠠ ᠪᠠᠷ ᠳᠡᠮᠵᠢᠨ᠂ ᠤᠯᠠᠭᠠᠨᠬᠤᠲᠠ ᠶᠢᠨ ᠲᠠᠭᠠᠭᠠᠴᠢᠯᠡᠨ ᠪᠠᠶᠢᠭᠤᠯᠤᠭᠰᠠᠨ 3 ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ 4 ᠵᠡᠭᠡᠯᠢ ᠭᠤᠳᠤᠮᠵᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ 5ᠬᠢᠴᠢᠶᠡᠯ ᠤᠨ ᠲᠠᠩᠬᠢᠮ ᠢ ᠣᠳᠣᠬᠠᠨ ᠳᠤ ᠨᠢᠭᠡᠨᠲᠡ ᠪᠦᠬᠦᠨ ᠢ ᠪᠥᠲᠥᠭᠡᠨ ᠪᠠᠶᠢᠭᠤᠯᠵᠤ ᠳᠠᠭᠤᠰᠬᠠᠭᠠᠳ᠂ ᠺᠠᠳ᠋ᠷ ᠣᠯᠠᠨ ᠲᠦᠮᠡᠨ ᠢ ᠲᠣᠭᠤᠷᠢᠨ ᠵᠤᠭᠠᠴᠠᠭᠤᠯᠬᠤ ᠶᠢᠨ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠦᠷᠳᠡᠭᠡᠪᠡ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号