ᠤᠯᠠᠭᠠᠨᠬᠤᠲᠠ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠥᠷᠥᠯ ᠵᠦᠢᠯ ᠢ ᠰᠠᠶᠢᠳᠤᠷ ᠬᠢᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/10
 ᠡᠨᠡ ᠵᠢᠯ ᠤᠨ ᠡᠬᠢᠨ ᠠᠴᠠ ᠨᠠᠰᠢ᠂ ᠤᠯᠠᠭᠠᠨᠬᠤᠲᠠ 18 ᠭᠠᠵᠠᠷ ᠣᠷᠣᠨ ᠠᠴᠠ 42 ᠤᠳᠠᠭ᠎ᠠ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠵᠤ᠂ ᠣᠲᠣ ᠪᠣᠯᠲᠠᠯ᠎ᠠ᠂ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠭᠰᠠᠨ ᠲᠥᠷᠥᠯ ᠵᠦᠢᠯ 46 ᠪᠠᠶᠢᠵᠤ᠂ 15 ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠬᠡᠮᠵᠢᠶ᠎ᠡ ᠨᠢ 31.02 ᠳ᠋ᠦᠩᠰᠢᠭᠤᠷ ᠲᠥᠭᠦᠷᠢᠭ ᠲᠤ ᠬᠦᠷᠴᠡᠶ᠃  ᠾᠧᠪᠸᠢ ᠶᠢᠨ ᠨᠢᠭᠡᠨ ᠠᠵᠤ ᠠᠬᠤᠶᠢᠯᠠᠯ ᠡᠨᠡ ᠵᠢᠯ ᠣᠯᠠᠨ ᠤᠳᠠᠭ᠎ᠠ ᠤᠯᠠᠭᠠᠨᠬᠤᠲᠠ ᠳᠤ ᠰᠢᠨᠵᠢᠯᠡᠨ ᠪᠠᠶᠢᠴᠠᠭᠠᠵᠤ᠂ ᠰᠠᠯᠬᠢᠨ ᠬᠦᠴᠦᠨ ᠤ ᠴᠠᠬᠢᠯᠭᠠᠨ ᠤ ᠡᠬᠢ ᠪᠠᠶᠠᠯᠢᠭ ᠤᠨ ᠳᠠᠪᠠᠭᠤᠯᠢᠭ᠂ ᠪᠦᠷᠢᠨ ᠲᠡᠭᠦᠯᠳᠡᠷ ᠴᠠᠬᠢᠯᠭᠠᠨ ᠲᠣᠤᠷ ᠤᠨ ᠪᠦᠲᠦᠴᠡ ᠪᠠ  ᠲᠤᠭᠳᠠᠪᠤᠷᠢᠳᠠᠢ ᠡᠨᠧᠷᠭᠢ ᠶᠢᠨ ᠰᠤᠷᠪᠤᠯᠵᠢ ᠶᠢᠨ ᠨᠡᠪᠲᠡᠷᠡᠬᠦ ᠵᠠᠮ ᠢ ᠦᠵᠡᠵᠤ ᠲᠤᠭᠤᠭᠠᠳ᠂ ᠲᠤᠰ ᠭᠠᠵᠠᠷ ᠲᠤ 19.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ 200 ᠰᠠᠶ᠎ᠠ ᠸᠠᠲ / 800 ᠰᠠᠶ᠎ᠠ ᠸᠠᠲ ᠴᠠᠭ ᠴᠠᠬᠢᠯᠭᠠᠨ ᠲᠣᠤᠷ ᠤᠨ ᠬᠠᠵᠠᠭᠤ ᠬᠠᠪᠢ ᠶᠢᠨ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠡᠬᠢᠯᠡᠭᠦᠯᠵᠦ᠂ ᠵᠢᠱᠢᠯᠲᠡ ᠪᠠᠷ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠪᠠᠷ ᠲᠣᠭᠲᠠᠪᠠ᠃  ᠨᠠᠩ ᠣᠯᠠᠨ ᠠᠵᠤ ᠠᠬᠤᠶᠢᠯᠠᠯ ᠢ ᠲᠠᠳᠠᠨ ᠠᠪᠴᠢᠷᠠᠬᠤ ᠶᠢᠨ ᠲᠥᠯᠥᠭᠡ᠂ ᠤᠯᠠᠭᠠᠨᠬᠤᠲᠠ ᠴᠠᠭ ᠢ ᠤᠷᠲᠤᠳᠬᠠᠬᠤ ᠦᠢᠯᠡᠴᠢᠯᠡᠭᠡ᠂ ᠪᠣᠯᠵᠣᠬᠤ ᠦᠢᠯᠡᠴᠢᠯᠡᠭᠡ᠂ ᠰᠠᠭᠠᠳ ᠥᠬᠡᠶ ᠨᠡᠪᠲᠡᠷᠡᠬᠦ ᠵᠠᠮ ᠵᠡᠷᠭᠡ ᠶᠢ ᠨᠡᠭᠡᠭᠡᠵᠦ᠂ ᠪᠥᠬᠦ ᠶᠠᠪᠤᠴᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠤᠯ ᠤᠨ ᠬᠠᠤᠯᠢ ᠳᠤ ᠲᠣᠭᠲᠠᠭᠠᠭᠰᠠᠨ 15 ᠠᠵᠢᠯᠯᠠᠬᠤ ᠡᠳᠦᠷ ᠪᠠᠶᠢᠭᠰᠠᠨ ᠠᠴᠠ 0.5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠲᠡᠶ ᠳᠡᠮᠵᠢᠯᠭᠡ ᠬᠠᠩᠭᠠᠪᠠ᠃
 
ᠢᠷᠡᠯᠲᠡ᠄ ᠰᠢᠨᠬᠤᠸᠠ ᠡᠳ᠋ ᠤᠨ ᠵᠠᠰᠠᠭ ᠠᠵᠤ ᠠᠬᠤᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号