ᠬᠢᠨᠭ᠍ᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠢᠵᠠᠢ
ᠨᠡᠶᠢᠲᠡᠯᠡᠭᠰᠡᠨ ᠴᠠᠭ᠄
2024/9/11
    8 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠰᠦ ᠴᠢᠨᠡᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠲᠠ ᠶᠢ ᠲᠦᠷᠭᠡᠳᠭᠡᠬᠦ ᠵᠡᠷᠭᠡ ᠠᠵᠢᠯ ᠢ ᠰᠤᠳᠤᠯᠤᠨ ᠶᠠᠷᠢᠯᠴᠠᠵᠦ᠂ ᠳᠠᠷᠠᠭᠠᠴᠢ ᠶᠢᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠶᠠᠰᠤ ᠴᠢᠨᠠᠷ ᠢ ᠲᠡᠷᠢᠬᠦᠨ ᠳᠤ ᠲᠠᠯᠪᠢᠬᠤ ᠤᠬᠠᠮᠰᠠᠷ ᠢ ᠪᠠᠲᠤ ᠪᠤᠶ ᠪᠣᠯᠭᠠᠵᠤ᠂ ᠬᠡᠷᠡᠭᠯᠡᠭᠴᠢᠳ ᠤᠨ ᠶᠠᠰᠤ ᠴᠢᠨᠡᠷ ᠤᠨ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠪᠠᠶᠢᠴᠠᠭᠠᠯᠳᠠ ᠶᠢ ᠰᠠᠶᠢᠳᠤᠷ ᠬᠢᠵᠦ᠂ ᠶᠠᠰᠤ ᠴᠢᠨᠡᠷ ᠤᠨ ᠠᠵᠢᠯ ᠤᠨ ᠬᠡᠯᠪᠡᠷᠢ ᠶᠢ ᠬᠤᠪᠢᠷᠠᠭᠤᠯᠵᠦ ᠲᠡᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠦ᠂ ᠬᠠᠪᠰᠤᠷᠤᠨ ᠲᠡᠳᠬᠦᠬᠦ ᠠᠵᠤ ᠠᠬᠤᠶᠢᠯᠠᠯ ᠢ ᠴᠠᠭ ᠲᠤᠬᠠᠶ ᠳᠤᠨᠢ ᠬᠥᠲᠥᠯᠦᠨ ᠵᠢᠯᠣᠭᠤᠳᠴᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢ ᠨᠢ ᠴᠢᠩᠭᠠᠳᠬᠠᠭᠤᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠡᠢ᠃          ︵ᠵᠠᠩ ᠴᠢᠶᠠᠩ    ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号