| ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ | ᠪᠠᠷᠢᠮᠳᠠ ᠶᠢᠨ ᠬᠠᠮᠢᠶᠠᠷᠤᠯᠳᠠ ᠶᠢᠨ ᠲᠤᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢᠶᠠᠨ ᠰᠢᠨ᠎ᠠ ᠲᠡᠭᠳᠡᠷ ᠲᠤ | ᠭᠠᠷᠭᠠᠬᠤ ᠶᠢ ᠬᠦᠴᠤᠯᠡᠨ ᠠᠬᠢᠭᠤᠯᠵᠤ᠂ ︽ᠦᠨᠡᠨᠴᠢ ᠢᠳᠡᠭᠡᠮᠵᠢᠳᠠᠢ + ᠭᠤᠤᠯᠳᠠᠯᠭ᠎ᠠ ᠲᠠᠢ ᠬᠠᠪᠰᠤᠷᠤᠨ ᠲᠡᠳᠬᠦᠬᠦ︾ | ᠦᠢᠯᠡᠴᠢᠯᠡᠭᠡᠨ ᠤ ᠬᠡᠯᠪᠡᠷᠢ ᠶᠢ ᠰᠢᠨ᠎ᠠ ᠪᠠᠷ ᠡᠬᠦᠳᠤᠨ᠂ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠵᠤ᠂ | ᠠᠵᠤ ᠠᠬᠤᠶᠢᠯᠠᠯ᠂ ᠤᠯᠠᠨ ᠲᠦᠮᠡᠨ ᠳᠤ ᠨᠡᠩ ᠲᠦᠬᠦᠮ ᠲᠦᠳᠠ᠂ ᠦᠨᠳᠤᠷ ᠦᠷ᠎ᠠ ᠪᠦᠳᠤᠮᠵᠢᠳᠠᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠵᠤ ᠪᠤᠢ᠃ | ᠤᠯᠠᠭᠠᠨᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ | ᠲᠤᠪᠴᠢᠶ᠎ᠠ ᠳᠤ ᠬᠦᠷᠬᠦ ᠳᠤ᠂ ᠬᠠᠪᠰᠤᠷᠤᠨ ᠬᠦᠢᠴᠡᠳᠭᠡᠬᠦ ᠴᠤᠩᠬᠤᠪᠴᠢ ᠶᠢᠨ ᠠᠵᠢᠯᠳᠠᠨ ᠠᠴᠠ ᠠᠵᠤ ᠠᠬᠤᠶᠢᠯᠠᠯ ᠤᠨ | ᠲᠦᠯᠤᠭᠡᠯᠡᠭᠴᠢ ᠶᠢ ᠬᠠᠪᠰᠤᠷᠤᠨ ᠶᠠᠪᠤᠳᠠᠯ ᠬᠦᠢᠴᠡᠳᠭᠡᠡ ᠦᠭᠴᠤ ᠪᠤᠢ᠃ ᠠᠵᠤ ᠠᠬᠤᠶᠢᠯᠠᠯ ᠳᠤ ᠲᠤᠰᠬᠠᠶᠢᠯᠠᠨ | ᠦᠢᠯᠡᠴᠢᠯᠡᠬᠦ ᠠᠵᠢᠯᠳᠠᠨ ᠠᠴᠠ ᠠᠵᠤ ᠠᠬᠤᠶᠢᠯᠠᠯ ᠤᠨ ᠲᠦᠯᠤᠭᠡᠯᠡᠭᠴᠢ ᠶᠢᠨ ᠡᠯ᠎ᠠ ᠲᠦᠷᠤᠯ ᠤᠨ ᠠᠰᠠᠭᠤᠳᠠᠯ ᠢ ᠨᠠᠷᠢᠨ | ᠨᠢᠭᠳᠠ ᠲᠠᠶᠢᠯᠪᠤᠷᠢᠯᠠᠨ ᠦᠭᠴᠤ᠂ ᠬᠢᠨᠠᠨ ᠵᠦᠪᠰᠢᠶᠡᠷᠡᠬᠦ ᠡᠯ᠎ᠠ ᠭᠤᠭᠴᠤᠭ᠎ᠠ ᠶᠢᠨ ᠤᠷᠤᠭᠰᠢᠳᠠᠢ ᠶᠠᠪᠤᠭᠳᠠᠬᠤ ᠶᠢ | ᠪᠠᠳᠤᠯᠠᠨ᠎ᠠ᠃ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠲᠡᠳᠬᠦᠬᠦ ᠴᠤᠩᠬᠤᠪᠴᠢ ᠶᠢᠨ | ᠠᠵᠢᠯᠳᠠᠨ ᠠᠴᠠ ︿ᠦᠨᠡᠨᠴᠢ ᠢᠳᠡᠭᠡᠮᠵᠢᠳᠠᠢ ᠦᠪᠤᠷ ᠮᠤᠩᠭᠤᠯ﹀ APP ᠪᠠᠷ ᠲᠠᠮᠵᠢᠨ ᠠᠵᠤ ᠠᠬᠤᠶᠢᠯᠠᠯ ᠤᠨ | ᠰᠤᠷᠠᠭ ᠵᠠᠩᠬᠢ ᠶᠢ ᠬᠠᠶᠢᠵᠤ᠂ ᠮᠠᠨ ᠤ ᠦᠨᠡᠨᠴᠢ ᠢᠳᠡᠭᠡᠮᠵᠢᠳᠠᠢ ᠠᠵᠤ ᠠᠬᠤᠶᠢᠯᠠᠯ ᠤᠨ ᠬᠦᠢᠴᠡᠳᠭᠡᠬᠦ ᠶᠠᠪᠤᠳᠠᠯ ᠢ | ᠪᠦᠬᠦ ᠶᠠᠪᠤᠴᠠ ᠳᠤ ᠬᠠᠪᠰᠤᠷᠤᠨ ᠤᠷᠤᠯᠠᠨ ᠬᠦᠢᠴᠡᠳᠭᠡᠬᠦ ᠦᠢᠯᠡᠴᠢᠯᠡᠭᠡ ᠬᠠᠩᠭᠠᠵᠤ᠂ ᠲᠤᠰ ᠶᠠᠪᠤᠴᠠ ᠲᠤᠮᠳᠠ | ᠪᠢᠳᠠᠨ ᠤ ᠤᠶᠢᠯᠠᠭᠠᠬᠤ ᠦᠭᠡᠢ ᠠᠰᠠᠭᠤᠳᠠᠯ ᠢ ᠠᠵᠢᠯᠳᠠᠨ ᠠᠴᠠ ᠮᠠᠰᠢ ᠨᠠᠷᠢᠯᠢᠭ ᠲᠠᠶᠢᠯᠪᠤᠷᠢᠯᠡᠨ ᠦᠭᠴᠤ᠂ | ᠪᠢᠳᠠᠨ ᠳᠤ ᠲᠦᠢᠯ ᠤᠨ ᠶᠡᠭᠡ ᠲᠦᠬᠦᠮ ᠦᠵᠡᠬᠦᠯᠤᠯᠠ︾ ᠭᠡᠵᠤ ᠬᠡᠷᠡᠭ ᠬᠦᠢᠴᠡᠳᠭᠡᠬᠦ ᠪᠠᠷ ᠢᠷᠡᠭᠰᠡᠨ ᠠᠵᠤ | ᠠᠬᠤᠶᠢᠯᠠᠯᠳᠠᠨ ᠶᠠᠷᠢᠨ᠎ᠠ᠃ | ᠤᠯᠠᠭᠠᠨᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠳᠠ ᠶᠢᠨ ᠬᠠᠮᠢᠶᠠᠷᠤᠯᠳᠠ ᠶᠢᠨ | ᠲᠤᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠨ ᠲᠠᠰᠤᠷᠠᠯᠳᠠ ᠦᠭᠡᠢ ᠰᠢᠯᠢᠳᠡᠭᠵᠢᠬᠦᠯᠵᠤ᠂ ᠠᠵᠤ | ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠤᠷᠤᠨ ᠲᠤᠭᠤᠷᠢᠭ ᠲᠤ 1 ᠬᠠᠪᠰᠤᠷᠤᠨ ᠬᠦᠢᠴᠡᠳᠭᠡᠬᠦ ᠴᠤᠩᠬᠤᠪᠴᠢ | ᠪᠠ ᠠᠵᠤ ᠠᠬᠤᠶᠢᠯᠠᠯ ᠳᠤ ᠦᠢᠯᠡᠴᠢᠯᠡᠬᠦ 5 ᠲᠤᠰᠬᠠᠢ ᠠᠵᠢᠯᠳᠠᠨ ᠲᠤᠬᠢᠷᠠᠭᠤᠯᠵᠤ᠂ 28 ᠬᠦᠮᠤᠨ ᠢᠶᠠᠷ | ᠪᠦᠷᠢᠯᠳᠥᠭᠰᠡᠨ ᠬᠠᠪᠰᠤᠷᠤᠨ ᠲᠡᠳᠬᠦᠬᠦ ᠡᠩᠨᠡᠭᠡ ᠶᠢ ᠪᠠᠶᠢᠭᠤᠯᠵᠤ᠂ ᠤᠳᠤᠬᠠᠨ ᠪᠤᠯᠳᠠᠯ᠎ᠠ 356 ᠠᠵᠤ | ᠠᠬᠤᠶᠢᠯᠠᠯ ᠳᠤ ᠬᠠᠪᠰᠤᠷᠤᠨ ᠲᠡᠳᠬᠦᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠪᠤᠳᠠᠳᠠᠢ ᠬᠦᠴᠢᠷᠳᠠᠯ ᠢ | ᠬᠠᠪᠰᠤᠷᠤᠨ ᠰᠶᠢᠳᠪᠤᠷᠢᠯᠡᠨ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠠ ᠶᠢ ᠲᠡᠭᠡᠭᠰᠢᠯᠡᠬᠦᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠰᠢᠨ᠎ᠠ ᠲᠡᠭᠳᠡᠷ ᠲᠤ ᠭᠠᠷᠭᠠᠯ᠎ᠠ᠃ | ︵ᠴᠤᠯᠮᠤᠨ︶ |