ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠢᠰᠲ᠋ᠧᠮ ᠵᠡᠭᠡᠯᠢ ᠴᠡᠪᠡᠷᠯᠡᠭᠴᠢ ᠳᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠨᠭ᠍ᠭᠠᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/11
   ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠪᠤᠯᠤᠨ ᠤᠯᠠᠭᠠᠨᠬᠤᠳᠠ ᠶᠢᠨ ᠰᠢᠨ᠎ᠠ ᠴᠠᠬ ᠦᠶ᠎ᠠ ᠶᠢᠨ ᠪᠤᠯᠪᠠᠰᠤᠨ ᠤ ᠦᠢᠯᠡᠳᠤᠯᠭᠡ ᠶᠢᠨ ᠲᠦᠪ ᠠᠴᠠ ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠶᠢᠨ ᠳᠤᠰᠬᠠᠢ ᠮᠡᠷᠭᠡᠵᠢᠯᠳᠡᠳ ᠢ ᠤᠷᠢᠵᠦ᠂ ︽ᠬᠤᠳᠠ ᠶᠢᠨ ᠭᠤᠶᠤᠵᠢᠭᠤᠯᠤᠬᠴᠢ︾ ᠪᠤᠯᠬᠤ ᠵᠡᠭᠡᠯᠢ ᠴᠡᠪᠡᠷᠯᠡᠭᠴᠢ ᠳᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠨᠭ᠍ᠭᠠᠪᠠ᠃    ᠠᠵᠢᠯᠯᠠᠭ᠎ᠠ ᠶᠢᠨ ᠳᠤᠬᠠᠢ ᠶᠢᠨ ᠳᠠᠯᠠᠪᠤᠷ ᠲᠤ᠂ ᠡᠮᠴᠢ ᠠᠵᠢᠯᠳᠡᠳ ᠬᠠᠯᠠᠭᠤᠮᠰᠤᠬ ᠢᠶᠠᠷ ᠵᠡᠭᠡᠯᠢ ᠴᠡᠪᠡᠷᠯᠡᠭᠴᠢᠳ ᠲᠤ ᠪᠡᠶ᠎ᠠ ᠶᠢᠨ ᠪᠠᠶᠢᠴᠠᠭᠠᠯᠳᠠ ᠬᠢᠵᠦ ᠦᠭᠬᠦ ᠶᠢᠨ ᠬᠠᠮᠳᠦ ᠪᠡᠶ᠎ᠠ ᠮᠠᠬᠠᠪᠤᠳ ᠤᠨ ᠪᠠᠶᠢᠳᠡᠯ ᠢ ᠨᠢ ᠤᠶᠢᠯᠠᠭᠠᠨ᠂ ᠡᠷᠡᠬᠦᠯ ᠮᠡᠨᠳᠦ ᠶᠢᠨ ᠵᠢᠭᠠᠨ ᠵᠢᠯᠤᠭᠤᠳᠤᠮᠵᠢ ᠪᠠ ᠰᠢᠨᠵᠢᠯᠡᠬᠦ ᠤᠬᠠᠭᠠᠨᠴᠢ ᠪᠠᠷ ᠪᠡᠶ᠎ᠠ ᠮᠠᠬᠠᠪᠤᠳ ᠢᠶᠠᠨ ᠰᠤᠪᠢᠯᠠᠨ ᠬᠠᠮᠠᠭᠠᠯᠠᠬᠤ ᠮᠡᠳᠡᠯᠭᠡ ᠤᠯᠠᠮᠵᠢᠯᠠᠬᠰᠠᠨ ᠪᠠᠶᠢᠨ᠎ᠠ᠃    ︽ᠮᠠᠨᠤᠰ ᠤᠨ ᠡᠳᠦᠷ ᠳᠤᠳᠤᠮ ᠤᠨ ᠠᠵᠢᠯ ᠮᠨᠰᠢ ᠶᠠᠭᠠᠷᠠᠤ᠂ ᠮᠦᠨ ᠴᠤ ᠪᠠᠶᠢᠴᠠᠭᠠᠯᠳᠠ ᠶᠢᠨ ᠮᠦᠡᠭᠬᠦ ᠪᠠᠨ ᠬᠠᠶᠢᠷᠠᠯᠠᠵᠦ᠂ ᠪᠠᠭ᠎ᠠ ᠰᠠᠭ᠎ᠠ ᠡᠪᠡᠳᠴᠢᠨ ᠪᠤᠯ ᠶᠡᠷᠦ ᠠᠴᠠ ᠡᠮᠨᠡᠯᠭᠡ ᠶᠢᠨ ᠬᠤᠷᠢᠶ᠎ᠠ ᠳᠤ ᠤᠴᠢᠳᠠᠬ ᠦᠭᠡᠢ᠃ ᠳᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠦᠪᠡᠷ ᠤᠨ ᠪᠡᠶ᠎ᠠ ᠮᠠᠬᠠᠪᠤᠳ ᠤᠨ ᠪᠠᠶᠢᠳᠡᠯ ᠢᠶᠠᠨ ᠰᠠᠶᠢᠳᠤᠷ ᠤᠶᠢᠯᠠᠭᠠᠯ᠎ᠠ︾ ᠭᠡᠵᠦ ᠨᠢᠭᠡᠨ ᠵᠡᠭᠡᠯᠢ ᠴᠡᠪᠡᠷᠯᠡᠭᠴᠢ ᠳᠤᠬᠳᠤᠯᠤᠨ ᠶᠠᠷᠢᠯ᠎ᠠ᠃    ᠳᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠨ᠂ ᠤᠯᠠᠭᠠᠨᠬᠤᠳᠡ ᠶᠢᠨ ᠵᠡᠭᠡᠯᠢ ᠴᠡᠪᠡᠷᠯᠡᠭᠴᠢᠳ ᠲᠤ ᠡᠷᠡᠬᠦᠯ ᠡᠩᠭᠡ ᠪᠠ ᠬᠠᠶᠢᠷ᠎ᠠ ᠬᠠᠯᠠᠮᠵᠢ ᠬᠦᠷᠳᠡᠭᠡᠭᠰᠡᠨ ᠢᠶᠠᠷ ᠦᠯᠦ ᠪᠠᠷᠠᠨ ᠪᠠᠰᠠ ᠡᠮᠴᠢᠯᠡᠭᠡᠨ ᠤ ᠠᠵᠢᠯᠳᠡᠳ ᠤᠨ ᠨᠡᠶᠢᠭᠡᠮ ᠤᠨ ᠬᠠᠷᠢᠭᠤᠴᠠᠯᠭᠠᠳᠦ ᠰᠡᠳᠬᠢᠯᠭᠡ ᠶᠢ ᠢᠯᠡᠷᠡᠬᠦᠯᠦᠭᠰᠡᠨ ᠪᠠᠶᠢᠨ᠎ᠠ᠃                                             ︵ᡁᠢ ᠮᠢᠨ   ᠰᠦᠡᠭ ᠰᠢ ᠵᠢᠶᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号