| ᠤᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶ᠎ᠠ᠂ | ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠳᠤᠪᠡᠷ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠬᠤᠪᠢᠶᠠᠷᠢ ᠲᠥᠪ ᠠᠴᠠ ᠳᠠᠭᠠᠭᠠᠴᠢᠯᠠᠨ ᠡᠷᠭᠢᠯᠡᠭᠰᠡᠨ ᠤᠯᠠᠭᠠᠨᠬᠤᠲᠠ ᠶᠢᠨ ᠠᠩᠬᠠᠳᠤᠭᠠᠷ | ᠬᠤᠭᠤᠴᠠᠭᠠᠨ ᠤ ︽3V3︾ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠲᠠᠪᠦ ᠨᠢᠭᠡ ᠠᠭᠤᠳᠠᠮ ᠲᠠᠯᠠᠪᠠᠶ ᠳᠤ ᠶᠠᠪᠤᠭᠳᠠᠪᠠ᠃ | | ᠪᠥᠮᠪᠦᠭᠡᠨ ᠲᠠᠯᠠᠪᠤᠷ ᠳᠡᠭᠡᠷ᠎ᠡ᠂ ᠬᠢᠨᠠᠭᠴᠢ ᠶᠢᠨ ᠬᠠᠩᠬᠢᠨᠠᠮ᠎ᠠ ᠰᠠᠶᠢᠬᠠᠨ ᠱᠦᠭᠯᠤ ᠲᠤᠤᠭᠠᠷᠭᠠᠬᠤ ᠶᠢ | ᠳᠠᠭᠠᠯᠳᠤᠨ᠂ SOG ᠰᠠᠭᠰᠤᠨ ᠪᠥᠮᠪᠦᠭᠡ ᠶᠢᠨ ᠠᠩᠭᠢ ᠶᠢᠨ ᠲᠠᠮᠢᠷᠴᠢᠨ ᠪᠣᠯᠤᠨ ᠸᠠᠨ ᠵᠢᠶᠠ ᠯᠢ ᠳ᠋ᠧ ᠰᠠᠭᠰᠤᠨ | ᠪᠥᠮᠪᠦᠭᠡ ᠶᠢᠨ ᠬᠤᠶᠠᠳᠤᠭᠠᠷ ᠠᠩᠭᠢ ᠶᠢᠨ ᠭᠡᠰᠢᠬᠦᠳ ᠰᠠᠭᠰᠤᠨ ᠪᠦᠮᠪᠦᠭᠡ ᠶᠢᠨ ᠤᠷᠤᠯᠳᠤᠭᠠᠨ ᠳᠤ ᠪᠠᠨ ᠣᠷᠣᠵᠤ᠂ | ᠪᠥᠮᠪᠦᠭᠡ ᠵᠠᠯᠠᠵᠤ ᠰᠢᠪᠳᠤᠯᠬᠤ᠂ ᠪᠡᠶ᠎ᠡ ᠪᠠᠷ ᠢᠶᠠᠨ ᠬᠤᠷᠢᠭᠯᠠᠬᠤ᠂ ᠰᠠᠭᠰᠤᠯᠠᠵᠤ ᠬᠤᠪᠢ ᠤᠯᠬᠤ ᠁ ᠭᠤᠶᠢᠳᠠ | ᠰᠠᠶᠢᠬᠠᠨ ᠪᠥᠮᠪᠥᠭᠡᠨ ᠮᠡᠷᠭᠡᠵᠢᠯ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ | ᠣᠯᠵᠠᠶ᠃ | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ 6 ᠰᠠᠷ᠎ᠠ ᠶᠢᠨ ᠰᠡᠭᠦᠯᠴᠢ ᠪᠠᠷ ᠡᠬᠢᠯᠡᠵᠦ᠂ 9 | ᠰᠠᠷ᠎ᠠ ᠶᠢᠨ ᠡᠬᠢ ᠪᠠᠷ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠤ ᠬᠤᠭᠤᠴᠠᠭᠠᠨ ᠳᠤ᠂ 760 | ᠭᠠᠷᠤᠢ ᠰᠠᠭᠰᠤᠨ ᠪᠥᠮᠪᠦᠭᠡ ᠶᠢᠨ ᠪᠠᠭ᠋ᠠᠲᠠᠳ ᠢᠳᠡᠪᠬᠢᠲᠡᠢ ᠣᠷᠣᠯᠴᠠᠪᠠ᠃ ᠱᠠᠲᠤ ᠱᠠᠲᠤ ᠪᠠᠷ ᠥᠷᠢᠰᠥᠯᠳᠦᠬᠦ ᠪᠠᠷ | ᠳᠡᠮᠵᠢᠨ᠂ SOG ᠰᠠᠭᠰᠤᠨ ᠪᠥᠮᠪᠦᠭᠡ ᠶᠢᠨ ᠠᠩᠭᠢ᠂ ᠸᠠᠨ ᠵᠢᠶᠠ ᠯᠢ ᠳ᠋ᠧ ᠬᠤᠶᠠᠳᠤᠭᠠᠷ ᠠᠩᠭᠢ᠂ ᠺᠠᠢ | ᠰᠢᠤᠸᠠᠨ ᠠᠩᠭᠢ ᠲᠣᠰ ᠲᠣᠰ ᠮᠠᠩᠯᠠᠢ᠂ ᠳᠡᠳ᠋᠂ ᠭᠤᠳᠠᠭᠠᠷ ᠲᠤ ᠤᠷᠤᠵᠠᠢ᠃ | | |