ᠤᠯᠠᠭᠠᠨᠬᠤᠲᠠ ᠶᠢᠨ ᠠᠩᠬᠠᠳᠤᠭᠠᠷ ᠬᠤᠭᠤᠴᠠᠭᠠᠨ ᠤ ︽3V3︾  ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠦᠨᠳᠤᠷᠯᠡᠪᠡ
ᠨᠡᠶᠢᠲᠡᠯᠡᠭᠰᠡᠨ ᠴᠠᠭ᠄
2024/9/11
 ᠤᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶ᠎ᠠ᠂ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠳᠤᠪᠡᠷ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ ᠲᠥᠪ ᠠᠴᠠ ᠳᠠᠭᠠᠭᠠᠴᠢᠯᠠᠨ ᠡᠷᠭᠢᠯᠡᠭᠰᠡᠨ ᠤᠯᠠᠭᠠᠨᠬᠤᠲᠠ ᠶᠢᠨ ᠠᠩᠬᠠᠳᠤᠭᠠᠷ ᠬᠤᠭᠤᠴᠠᠭᠠᠨ ᠤ ︽3V3︾ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠲᠠᠪᠦ‍ ᠨᠢᠭᠡ ᠠᠭᠤᠳᠠᠮ ᠲᠠᠯᠠᠪᠠᠶ ᠳᠤ ᠶᠠᠪᠤᠭᠳᠠᠪᠠ᠃      ᠪᠥᠮᠪᠦᠭᠡᠨ ᠲᠠᠯᠠᠪᠤᠷ ᠳᠡᠭᠡᠷ᠎ᠡ᠂ ᠬᠢᠨᠠᠭᠴᠢ ᠶᠢᠨ ᠬᠠᠩᠬᠢᠨᠠᠮ᠎ᠠ ᠰᠠᠶᠢᠬᠠᠨ ᠱᠦᠭᠯᠤ ᠲᠤᠤᠭᠠᠷᠭᠠᠬᠤ ᠶᠢ ᠳᠠᠭᠠᠯᠳᠤᠨ᠂ SOG ᠰᠠᠭᠰᠤᠨ ᠪᠥᠮᠪᠦᠭᠡ ᠶᠢᠨ ᠠᠩᠭᠢ ᠶᠢᠨ ᠲᠠᠮᠢᠷᠴᠢᠨ ᠪᠣᠯᠤᠨ ᠸᠠᠨ ᠵᠢᠶᠠ ᠯᠢ ᠳ᠋ᠧ ᠰᠠᠭᠰᠤᠨ ᠪᠥᠮᠪᠦᠭᠡ ᠶᠢᠨ ᠬᠤᠶᠠᠳᠤᠭᠠᠷ ᠠᠩᠭᠢ ᠶᠢᠨ ᠭᠡᠰᠢᠬᠦᠳ ᠰᠠᠭᠰᠤᠨ ᠪᠦᠮᠪᠦᠭᠡ ᠶᠢᠨ ᠤᠷᠤᠯᠳᠤᠭᠠᠨ ᠳᠤ ᠪᠠᠨ ᠣᠷᠣᠵᠤ᠂ ᠪᠥᠮᠪᠦᠭᠡ ᠵᠠᠯᠠᠵᠤ ᠰᠢᠪᠳᠤᠯᠬᠤ᠂ ᠪᠡᠶ᠎ᠡ ᠪᠠᠷ ᠢᠶᠠᠨ ᠬᠤᠷᠢᠭᠯᠠᠬᠤ᠂ ᠰᠠᠭᠰᠤᠯᠠᠵᠤ ᠬᠤᠪᠢ ᠤᠯᠬᠤ ᠁ ᠭᠤᠶᠢᠳᠠ ᠰᠠᠶᠢᠬᠠᠨ ᠪᠥᠮᠪᠥᠭᠡᠨ ᠮᠡᠷᠭᠡᠵᠢᠯ ᠨᠢ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠶ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ 6 ᠰᠠᠷ᠎ᠠ ᠶᠢᠨ ᠰᠡᠭᠦᠯᠴᠢ ᠪᠠᠷ ᠡᠬᠢᠯᠡᠵᠦ᠂ 9 ᠰᠠᠷ᠎ᠠ ᠶᠢᠨ ᠡᠬᠢ ᠪᠠᠷ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠤ ᠬᠤᠭᠤᠴᠠᠭᠠᠨ ᠳᠤ᠂ 760 ᠭᠠᠷᠤᠢ ᠰᠠᠭᠰᠤᠨ ᠪᠥᠮᠪᠦᠭᠡ ᠶᠢᠨ ᠪᠠᠭ᠋ᠠᠲᠠᠳ ᠢᠳᠡᠪᠬᠢᠲᠡᠢ ᠣᠷᠣᠯᠴᠠᠪᠠ᠃ ᠱᠠᠲᠤ ᠱᠠᠲᠤ ᠪᠠᠷ ᠥᠷᠢᠰᠥᠯᠳᠦᠬᠦ ᠪᠠᠷ ᠳᠡᠮᠵᠢᠨ᠂ SOG ᠰᠠᠭᠰᠤᠨ ᠪᠥᠮᠪᠦᠭᠡ ᠶᠢᠨ ᠠᠩᠭᠢ᠂ ᠸᠠᠨ ᠵᠢᠶᠠ ᠯᠢ ᠳ᠋ᠧ ᠬᠤᠶᠠᠳᠤᠭᠠᠷ ᠠᠩᠭᠢ᠂  ᠺᠠᠢ ᠰᠢᠤᠸᠠᠨ ᠠᠩᠭᠢ ᠲᠣᠰ ᠲᠣᠰ ᠮᠠᠩᠯᠠᠢ᠂ ᠳᠡᠳ᠋᠂ ᠭᠤᠳᠠᠭᠠᠷ ᠲᠤ ᠤᠷᠤᠵᠠᠢ᠃    
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号