| | ᠵᠢᠯ ᠤᠨ ᠡᠬᠢᠨ ᠠᠴᠠ ᠨᠠᠭᠠᠰᠢ᠂ ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠴᠢᠨᠠᠷ ᠴᠢᠨᠰᠠᠭ᠎ᠠ ᠵᠢᠴᠢ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢᠨ ᠲᠥᠯᠥᠭᠡ᠂ | ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠵᠦ᠂ | ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠬᠠᠤᠯᠢ ᠶᠢ ᠰᠤᠷᠤᠯᠴᠠᠬᠤ᠂ | ᠬᠠᠤᠯᠢ ᠶᠢ ᠰᠠᠬᠢᠬᠤ᠂ ᠬᠠᠤᠯᠢ ᠶᠢ ᠭᠡᠷᠡᠭᠵᠢᠬᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠠᠷ | ᠬᠦᠴᠦᠯᠡᠨ ᠴᠢᠷᠮᠠᠶᠢᠬᠰᠠᠨ ᠪᠠᠶᠢᠨ᠎ᠠ᠃ | ᠤᠶᠢᠷ᠎ᠠ ᠶᠢᠨ ᠡᠳᠦᠷ᠂ ᠳᠠᠪᠢᠨ ᠦᠷᠳᠡᠭᠡ ᠪᠠᠯᠭᠠᠰᠤ ᠶᠢᠨ ︽ᠴᠤᠭᠯᠠᠭ᠎ᠠ ᠮᠠᠶᠢᠮᠠᠢ ᠶᠢᠨ ᠭᠠᠵᠠᠷ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠠᠵᠢᠯᠯᠠᠭ᠎ᠠ ᠶᠢᠨ ᠲᠤᠬᠠᠢ ᠶᠢᠨ ᠳᠠᠯᠠᠪᠤᠷ ᠲᠤ᠂ ᠪᠠᠯᠭᠠᠰᠤᠨ ᠤ | ᠠᠷᠠᠳ ᠢᠳᠡᠪᠬᠢᠲᠡᠢ ᠪᠠᠷ ᠭᠠᠷ ᠡᠷᠬᠦᠨ ᠮᠠᠳᠠᠬ ᠲᠠᠢ ᠵᠦᠢᠯ ᠢᠶᠠᠨ ᠠᠰᠠᠭᠤᠨ᠂ ᠬᠠᠷᠢᠯᠴᠠᠨ ᠬᠦᠳᠡᠯᠤᠯᠴᠠᠬᠦ | ᠠᠵᠢᠯᠯᠠᠭ᠎ᠠ ᠳᠤ ᠤᠷᠤᠯᠴᠠᠵᠦ᠂ ᠲᠤᠬᠠᠢ ᠶᠢᠨ ᠳᠠᠯᠠᠪᠤᠷ ᠤᠨ ᠠᠭᠤᠷ ᠠᠮᠢᠰᠬᠤᠯ ᠢ ᠬᠦᠷ ᠬᠥᠭᠵᠢᠶᠡᠨ ᠢᠶᠠᠷ | ᠪᠢᠯᠬᠠᠭᠤᠯᠤᠯ᠎ᠠ᠃ | ︽ᠳᠤᠷ᠎ᠠ ᠰᠣᠨᠢᠷᠬᠠᠯᠲᠤ ᠮᠠᠶ᠋ᠢᠬ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠭᠤᠷ | ᠠᠮᠢᠰᠬᠤᠯ ᠢ ᠪᠤᠢ ᠪᠣᠯᠭᠠᠬᠤ ᠶᠢᠨ ᠬᠠᠮᠳᠦ᠂ ᠳᠤᠰ ᠪᠠᠯᠭᠠᠰᠤ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠩ ᠤᠯᠠᠨ ᠬᠠᠤᠯᠢᠵᠢᠯ ᠤᠨ ᠡᠬᠢ ᠪᠠᠶᠠᠯᠢᠭ ᠢ ᠳᠣᠷᠣᠭᠰᠢ | ᠤᠷᠲᠤᠳᠬᠠᠬᠤ ᠶᠢ ᠳᠠᠶᠢᠴᠢᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠦᠢᠯᠡᠴᠢᠯᠡᠭᠡ ᠶᠢ ᠰᠠᠶᠢᠳᠤᠷ ᠬᠢᠵᠦ᠂ ᠵᠥᠷᠢᠴᠡᠯ ᠢ ᠤᠷᠢᠳᠴᠢᠯᠡᠨ ᠰᠠᠷᠬᠡᠶᠢᠯᠠᠭᠦ᠂ ᠠᠰᠠᠭᠤᠳᠠᠯ ᠢ ᠤᠷᠢᠳᠴᠢᠯᠡᠨ | ᠰᠢᠢᠳᠪᠦᠷᠢᠯᠡᠬᠦ ᠪᠠᠷ ᠴᠢᠷᠮᠠᠶᠢᠬᠰᠠᠨ ᠪᠠᠶᠢᠯ᠎ᠠ᠃ | ︽ᠥᠪᠡᠷᠮᠢᠴᠡ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠷᠡᠭᠴᠡᠭᠡ ᠶᠢ ᠬᠠᠩᠭᠠᠪᠠ᠃ | ᠲᠠᠪᠢᠨ ᠥᠷᠳᠡᠭᠡ ᠪᠠᠯᠭᠠᠰᠤᠨ ᠤ ᠤᠯᠤᠰ ᠲᠦᠷᠦ ᠬᠠᠤᠯᠢ ᠴᠠᠭᠠᠵᠠ ᠶᠢᠨ ᠭᠠᠵᠠᠷ ᠤᠨ ᠵᠣᠬᠢᠶᠠᠨ ᠪᠠᠶᠢᠭᠤᠯᠤᠯᠲᠠ | ᠳᠣᠣᠷ᠎ᠠ᠂ ᠡᠯ᠎ᠡ ᠭᠠᠴᠠᠭ᠎ᠠ ᠲᠣᠰᠬᠤᠨ ᠤ ᠳᠤᠰᠢᠶᠠᠬᠰᠠᠨ ᠬᠠᠤᠯᠢ ᠰᠤᠷᠬᠤ ︽ᠵᠠᠬᠢᠶᠠᠯᠠᠭ᠎ᠠ ᠶᠢᠨ ᠬᠠᠭᠤᠳᠠᠰᠤ︾ ᠶᠢ | ᠦᠨᠳᠦᠰᠦᠯᠡᠨ᠂ ᠡᠯ᠎ᠠ ᠭᠠᠴᠠᠭ᠎ᠠ ᠳᠤᠰᠬᠤᠨ ᠳᠠᠬᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠠᠭᠤᠯᠭ᠎ᠠ ᠶᠢ ᠴᠢᠨᠠᠭᠰᠢᠳᠠ ᠨᠡᠶᠢᠳᠭᠡᠵᠦ᠂ ᠲᠦᠷᠦᠯ ᠬᠤᠪᠢᠶᠠᠨ ᠠᠬᠢᠭᠤᠯᠵᠠᠢ᠃ ︽ᠪᠢᠳᠡ ︿ᠨᠢᠭᠤᠷᠳᠠᠨ ᠶᠠᠷᠢᠯᠴᠠᠬᠤ | ﹀ ᠪᠠᠷ ᠳᠠᠮᠵᠢᠨ ᠭᠡᠷᠡᠭᠴᠡᠭᠡ ᠱᠠᠭᠠᠷᠳᠠᠯᠭ᠎ᠠ ᠶᠢ ᠤᠶᠢᠯᠠᠭᠠᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠵᠠᠬᠢᠶᠠᠯᠠᠭ᠎ᠠ ᠶᠢ ᠤᠨᠢᠨ ᠳᠡᠭᠡᠷ᠎ᠡ ᠨᠢ ᠪᠡᠶᠡᠯᠡᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠳᠠᠲᠤ | ᠦᠷ᠎ᠡ ᠪᠦᠲᠦᠮᠵᠢ ᠪᠠᠷ ᠤᠯᠠᠨ ᠲᠦᠮᠡᠨ ᠳᠤ ᠦᠢᠯᠡᠴᠢᠯᠡᠬᠦ ︿ᠡᠴᠦᠰ ᠤᠨ ᠨᠢᠭᠡ ᠺᠢᠯᠤᠮᠧᠲᠷ﹀ ᠢ ᠨᠡᠪᠲᠡᠷᠡᠭᠦᠯᠵᠦ ᠪᠤᠢ︾ | ᠭᠡᠵᠦ ᠳᠠᠪᠢᠨ ᠦᠷᠳᠡᠭᠡ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠫᠧᠩ ᠭᠦᠸᠧ ᠴᠢᠩ ᠭᠡᠯᠡᠯ᠎ᠠ᠃ | ︵ᠶᠦᠨ ᠳᠤᠤ︶ |