ᠤᠯᠠᠭᠠᠨᠬᠤᠲᠠ ᠬᠡᠪᠯᠡᠭᠳᠡᠬᠦᠨ ᠤ ᠵᠠᠬ᠎ᠠ ᠳᠡᠯᠭᠡᠭᠦᠷ ᠳᠤ ᠲᠤᠰᠬᠠᠶ ᠴᠡᠭᠴᠡᠯᠡᠨ ᠵᠠᠰᠠᠯᠳᠠ ᠶᠠᠪᠤᠭᠳᠠᠭᠤᠯᠤᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/12
    ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠬᠦ ᠶᠢᠨ ᠲᠥᠯᠥᠭᠡ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠤᠯᠠᠭᠠᠨᠬᠤᠲᠠ ᠶᠢᠨ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠪᠦᠳᠤᠭᠡᠭᠳᠡᠬᠦᠨ ᠳᠤ ᠴᠣᠬᠢᠯᠲᠠ ᠥᠭᠬᠦ︾ ᠠᠯᠪᠠᠨ ᠬᠡᠷ ᠬᠢᠩᠭᠠᠨ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠯᠠᠭᠠᠨᠬᠤᠲᠠ ᠳᠠᠬᠢ ᠬᠤᠪᠢᠶᠠᠷᠢ ᠲᠣᠪᠴᠢᠶ᠎ᠠ᠂ ᠤᠯᠠᠭᠠᠨᠬᠤᠲᠠ ᠶᠢᠨ ᠰᠣᠨᠢᠨ ᠮᠡᠳᠡᠭᠡ ᠬᠡᠪᠯᠡᠯ ᠤᠨ ᠲᠣᠪᠴᠢᠶ᠎ᠠ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠰᠣᠶᠣᠯ ᠤᠨ ᠬᠡᠷᠡᠭᠰᠡᠯ ᠤᠨ ᠳᠡᠯᠭᠡᠭᠦᠷ ᠵᠡᠷᠭᠡ ᠰᠣᠶᠣᠯ ᠤᠨ ᠡᠵᠡᠩᠨᠡᠯᠲᠡ ᠶᠢᠨ ᠭᠠᠵᠠᠷ ᠢᠶᠠᠷ ᠬᠦᠷᠴᠦ᠂ ᠡᠯ᠎ᠡ ᠡᠵᠡᠩᠨᠡᠯᠲᠡ ᠶᠢᠨ ᠭᠠᠵᠠᠷ ᠤᠨ ᠬᠠᠮᠢᠶ᠎ᠠ ᠪᠥᠬᠦᠶ ᠭᠡᠷᠡᠴᠢ ᠦᠨᠡᠮᠯᠡᠯ ᠤᠨ ᠭᠠᠷᠳᠠᠮ ᠨᠢ ᠪᠦᠷᠢᠨ ᠭᠦᠢᠴᠡᠳ ᠪᠠᠶᠢᠬᠤ ᠡᠰᠡᠬᠦ᠂ ᠨᠣᠮ ᠪᠢᠴᠢᠭ᠂ ᠬᠤᠭᠤᠴᠠᠭᠠᠲᠤ ᠰᠡᠳᠬᠦᠯ᠂ ᠲᠤᠰᠠᠯᠠᠬᠤ ᠮᠠᠲ᠋ᠧᠷᠢᠶᠠᠯ ᠵᠡᠷᠭᠡ ᠬᠡᠪᠯᠡᠭᠳᠡᠬᠦᠨ ᠤ ᠪᠠᠷᠠᠭ᠎ᠠ ᠣᠷᠣᠭᠤᠯᠬᠤ ᠠᠷᠭ᠎ᠠ ᠵᠠᠮ ᠨᠢ ᠬᠠᠤᠯᠢ ᠲᠣᠭᠲᠠᠭᠠᠯ ᠳᠤ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠠᠵᠢᠯᠲᠠᠳ ︽ᠨᠢᠭᠡ ᠲᠠᠯ᠎ᠠ ᠪᠠᠷ ᠬᠠᠤᠯᠢ ᠬᠡᠷᠡᠭᠵᠢᠭᠦᠯᠬᠦ ᠶᠢᠨ ᠳᠠᠭᠠᠤ ᠬᠠᠤᠯᠢ ᠲᠦᠭᠡᠮᠡᠯᠵᠢᠭᠦᠯᠬᠦ︾ ᠠᠷᠭ᠎ᠠ ᠶᠢ ᠠᠪᠴᠤ᠂ ᠡᠵᠡᠩᠨᠡᠯᠲᠡ ᠶᠢᠨ ᠥᠮᠴᠢᠲᠡᠨ ᠳᠤ ᠵᠢᠵᠢᠭᠯᠡᠨ ᠬᠤᠳᠠᠯᠳᠤᠬᠤ ᠵᠢᠴᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠦᠷᠢᠶᠡᠨ ᠳᠠᠬᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠵᠡᠩᠨᠡᠭᠴᠢᠳ ᠢ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠬᠠᠤᠯᠢ ᠶᠢ ᠰᠠᠬᠢᠵᠤ ᠵᠢᠷᠤᠮᠵᠢᠭᠤᠯᠤᠨ ᠡᠵᠡᠩᠨᠡᠵᠦ᠂ ᠵᠠᠯᠠᠭᠤᠴᠤᠳ ᠪᠠᠭᠠᠴᠤᠳ ᠲᠤ ᠡᠷᠡᠭᠦᠯ ᠪᠥᠭᠡᠳ ᠡᠶ᠎ᠡ ᠵᠣᠬᠢᠴᠠᠯ ᠲᠠᠢ ᠰᠤᠷᠤᠯᠴᠠᠵᠤ ᠦᠰᠦᠨ ᠪᠤᠶᠢᠵᠢᠬᠤ ᠣᠷᠴᠢᠨ ᠨᠥᠬᠦᠴᠡᠯ ᠢ ᠬᠠᠮᠲᠤ ᠪᠠᠷ ᠪᠠᠶᠢᠭᠤᠯᠵᠤ ᠥᠭᠬᠦ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号