| ᠤᠢᠢᠷ᠎ᠠ ᠶᠢᠨ ᠵᠢᠯ ᠠᠴᠠ᠂ ᠤᠯᠠᠭᠠᠨᠬᠤᠲᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠯᠠᠨ ᠡᠵᠡᠩᠨᠡᠯᠲᠡ ᠶᠢᠨ ᠬᠡᠯᠪᠡᠷᠢ ᠪᠦᠬᠦᠢ ᠬᠥᠳᠡᠭᠡ ᠲᠣᠰᠬᠤᠨ ᠤ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠮᠢ ᠠᠬᠤᠢ ᠰᠠᠶᠢᠬᠠᠨ᠂ ᠦᠢᠯᠡᠳᠪᠦᠷᠢᠯᠡᠯ ᠬᠦᠭᠵᠢᠭᠰᠡᠨ᠂ | ᠠᠮᠢᠳᠤᠷᠠᠯ ᠰᠠᠶᠢᠬᠠᠨ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠣᠷᠣᠰᠢᠨ ᠰᠠᠭᠤᠬᠤ ᠭᠠᠵᠠᠷ ᠢ ᠪᠠᠶᠢᠭᠤᠯᠵᠤ᠂ | ᠠᠮᠢ ᠠᠬᠤᠢ ᠰᠠᠶᠢᠬᠠᠨ᠂ ᠵᠢᠭᠤᠯᠴᠢᠯᠠᠯ ᠬᠦᠭᠵᠢᠶᠠᠨᠳᠠᠢ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠭᠤᠶᠢᠳᠠ ᠰᠠᠶᠢᠬᠠᠨ ᠵᠢᠷᠤᠭ ᠢ ᠳᠡᠯᠭᠡᠨ ᠦᠵᠡᠭᠦᠯᠵᠡᠢ᠃ | ᠬᠦᠳᠡᠭᠡ ᠶᠢᠨ ᠵᠠᠮ ᠢᠶᠠᠷ ᠨᠢᠭᠡ ᠠᠯᠬᠤᠪᠠᠯ ᠨᠢᠭᠡ ᠦᠵᠡᠮᠵᠢ᠃ ᠮᠣᠳᠣ ᠢᠭᠴᠤᠷᠠᠨ ᠨᠤᠭᠤᠭᠠᠷᠠᠭᠰᠠᠨ ᠭᠤᠣᠯ ᠤᠨ | ᠬᠥᠪᠡᠭᠡᠨ ᠤ ᠬᠠᠵᠠᠭᠤ ᠳᠤ᠂ ᠭᠡᠭᠡᠷ᠎ᠡ ᠬᠤᠨᠤᠭᠯᠠᠬᠤ ᠰᠢᠷᠠᠯᠭ᠎ᠠ ᠶᠢᠨ ᠨᠠᠶᠢᠷ ᠬᠢᠵᠤ᠂ ᠬᠡᠭᠡᠷ᠎ᠡ ᠬᠤᠭᠤᠯᠠᠯᠠᠬᠤ ᠶᠢ ᠪᠡᠶ᠎ᠡ ᠪᠠᠷ | ᠢᠶᠠᠨ ᠤᠶᠢᠯᠠᠭᠠᠵᠤ᠂ ᠲᠡᠭᠦᠬᠦ ᠬᠦᠷᠢᠶᠡᠯᠡᠩ ᠤᠨ ᠳᠣᠲᠣᠷᠠᠬᠢ ᠦᠵᠦᠮ᠂ ᠤᠯᠠᠭᠠᠨ ᠭᠦᠢᠯᠡᠰᠦ ᠨᠢ ᠦᠪᠡᠷ ᠤᠨ ᠡᠷᠭᠡ ᠦᠭᠡᠢ | ᠰᠢᠯᠤᠰᠤ ᠶᠢ ᠭᠤᠭᠤᠵᠢᠭᠤᠯᠤᠨ᠎ᠠ᠃ | ︽ᠤᠢᠢᠷ᠎ᠠ ᠲᠡᠭᠦᠷᠭᠡ ᠶᠢᠨ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠨᠢ ᠪᠢᠳᠡᠨ ᠳᠤ ᠨᠡᠩ ᠤᠯᠠᠨ ᠠᠵᠢᠯ ᠤᠯᠬᠤ | ᠲᠣᠬᠢᠶᠠᠯ ᠢ ᠡᠭᠦᠳᠴᠦ ᠥᠭᠴᠡᠢ᠃ ᠥᠩᠭᠡᠷᠡᠭᠰᠡᠨ ᠳᠤ᠂ ᠮᠠᠨ ᠤ ᠠᠵᠢᠯ ᠣᠯᠭᠤᠯᠲᠠ ᠬᠠᠷᠢᠴᠠᠩᠭᠤᠶ ᠪᠠᠷ ᠬᠢᠵᠠᠭᠠᠷᠲᠠᠶ | ᠪᠠᠶᠢᠵᠤ᠂ ᠣᠯᠠᠩᠬᠢ ᠨᠢ ᠵᠥᠪᠬᠡᠨ ᠤᠯᠠᠮᠵᠢᠯᠠᠯᠲᠤ ᠲᠠᠷᠢᠶᠠᠯᠠᠩ ᠤᠨ ᠬᠥᠳᠡᠯᠮᠦᠷᠢ ᠬᠢᠬᠦ ᠪᠣᠯᠤᠨ᠎ᠠ᠃ ᠤᠳᠤ ᠬᠠᠷᠢᠨ᠂ ᠬᠥᠳᠡᠭᠡ | ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠳᠠᠭᠠᠯᠳᠤᠨ᠂ ᠪᠢᠳᠡ ᠭᠡᠷ ᠤᠨ ᠡᠭᠦᠳᠡᠨ ᠳᠡᠭᠡᠨ ᠲᠠᠷᠢᠶᠠᠴᠢᠨ ᠠᠶᠢᠯ ᠤᠨ | ᠵᠢᠭᠤᠯᠴᠢᠯᠠᠯ ᠡᠵᠡᠩᠨᠡᠵᠦ᠂ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠣᠷᠣᠯᠠᠭᠤᠯᠬᠤ ᠨᠢ ᠣᠷᠣᠯᠭ᠎ᠠ ᠪᠠᠨ | ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠭᠡᠷ ᠪᠦᠯᠢ ᠪᠠᠨ ᠴᠤ ᠬᠠᠷᠠᠭᠠᠯᠵᠠᠵᠤ᠂ ᠠᠮᠢᠳᠤᠷᠠᠯ ᠢᠶᠠᠨ ᠨᠡᠩ ᠠᠮᠤᠷ | ᠲᠣᠭᠲᠠᠭᠤᠨ ᠪᠣᠯᠭᠠᠵᠤ ᠴᠢᠳᠠᠨ᠎ᠠ︾ ᠭᠡᠵᠤ ᠭᠤᠣᠯ ᠤᠨ ᠬᠦᠪᠡᠭᠡ ᠳᠠᠬᠢ ᠰᠢᠷᠠᠯᠭ᠎ᠠ ᠶᠢᠨ ᠡᠵᠡᠩᠨᠡᠯᠳᠡ ᠶᠢᠨ | ᠬᠠᠷᠢᠭᠤᠴᠠᠯᠭᠠᠳᠠᠨ ᠰᠢᠤᠢ ᠳ᠋ᠦᠩ ᠳ᠋ᠦᠩ ᠬᠡᠯᠡᠨ᠎ᠡ᠃ | ᠢᠯᠠᠯᠲᠠ ᠪᠠᠯᠭᠠᠰᠤᠨ ᠤ ᠢᠯᠠᠯᠲᠠ ᠭᠠᠴᠠᠭᠠᠨ ᠤ ᠯᠢᠨ ᠰᠢ ᠬᠦᠷᠢᠶᠡᠯᠡᠩ ᠤᠨ ᠠᠷᠠᠳ ᠤᠨ ᠪᠠᠭᠤᠳᠠᠯ ᠢᠶᠠᠷ ᠬᠦᠷᠬᠦ | ᠳᠤ᠂ ᠯᠢᠨ ᠰᠢ ᠶᠢᠨ ᠬᠦᠷᠢᠶᠡᠨ ᠳᠤ ᠰᠦᠨᠳᠡᠷᠯᠡᠭᠰᠡᠨ ᠬᠦᠷᠢᠶ᠎ᠡ ᠬᠠᠰᠢᠶ᠎ᠠ ᠨᠢ ᠬᠦᠬᠡᠮᠳᠦᠭ ᠨᠤᠭᠤᠭᠠᠨ ᠠᠭᠤᠯᠠ ᠤᠰᠤᠨ ᠤ | ᠲᠤᠮᠳᠠ ᠨᠢᠭᠤᠭᠳᠠᠵᠤ ᠪᠠᠶᠢᠬᠤ ᠠᠳᠠᠯᠢ᠂ ᠶᠠᠭ ᠯᠠ ᠶᠢᠷᠳᠢᠨᠴᠤ ᠶᠢᠨ ᠭᠠᠳᠠᠨᠠᠬᠢ ᠲᠣᠭᠤᠷ ᠤᠨ ᠬᠦᠷᠢᠶᠡᠯᠡᠩ ᠳᠤ ᠵᠤᠭᠠᠴᠠᠵᠤ | ᠪᠠᠶᠢᠬᠤ ᠠᠳᠠᠯᠢ ᠰᠠᠨᠠᠭᠳᠠᠭᠤᠯᠤᠨ᠎ᠠ ᠃ | ᠵᠢᠭᠤᠯᠴᠢᠯᠠᠭᠴᠢ ᠵᠢᠢ ᠰᠢᠨ ᠷᠦ᠋᠄ ︽ᠠᠮᠠᠷᠠᠯᠲᠠ ᠲᠠᠯᠪᠢᠭᠰᠠᠨ ᠢᠶᠠᠷ ᠨᠠᠶᠢᠵᠠ ᠨᠠᠷ ᠲᠠᠢ ᠬᠠᠮᠲᠤ ᠤᠢᠢᠷ᠎ᠠ ᠬᠠᠪᠢ ᠪᠠᠷ | ᠵᠢᠭᠤᠯᠴᠢᠯᠠᠵᠤ᠂ ᠠᠵᠢᠯ ᠤᠨ ᠴᠢᠯᠥᠭᠡ ᠪᠠᠷ ᠢᠶᠠᠨ ᠢᠩᠭᠢᠵᠦ ᠪᠡᠶ᠎ᠡ ᠰᠡᠳᠬᠢᠯ ᠢᠶᠠᠨ ᠠᠮᠠᠷᠠᠭᠤᠯᠤᠭᠰᠠᠨ ᠨᠢ ᠣᠨᠴᠠᠭᠠᠢ | ᠲᠠᠭᠠᠯᠠᠮᠵᠢᠲᠠᠢ ᠪᠠᠶᠢᠵᠤ᠂ ᠬᠤᠶᠢᠰᠢᠳᠠ ᠪᠠᠰᠠ ᠭᠡᠷ ᠤᠨ ᠬᠥᠮᠦᠰ ᠢᠶᠠᠨ ᠳᠠᠭᠠᠭᠤᠯᠵᠤ ᠢᠷᠡᠵᠤ ᠵᠢᠭᠤᠯᠴᠢᠯᠠᠨ᠎ᠠ︾ ᠭᠡᠨ᠎ᠠ᠃ | ᠤᠯᠠᠭᠠᠨᠬᠤᠲᠠ ᠦᠵᠡᠰᠬᠦᠯᠡᠩᠲᠦ ᠰᠠᠶᠢᠬᠠᠨ ᠠᠮᠢ ᠠᠬᠤᠢ ᠣᠷᠴᠢᠨ ᠲᠣᠭᠤᠷᠢᠨ ᠪᠣᠯᠤᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠲᠦᠰᠢᠭᠯᠡᠨ᠂ ᠬᠥᠳᠡᠭᠡ ᠲᠣᠰᠬᠤᠨ ᠤ ᠵᠢᠭᠤᠯᠴᠢᠯᠠᠯ ᠢ ᠢᠳᠡᠪᠬᠢᠲᠡᠢ ᠬᠥᠭᠵᠢᠭᠦᠯᠵᠦ᠂ ᠲᠡᠭᠦᠬᠦ᠂ | ᠵᠢᠭᠤᠯᠴᠢᠯᠠᠨ ᠨᠠᠭᠠᠳᠬᠤ᠂ ᠬᠡᠭᠡᠷ᠎ᠡ ᠪᠠᠭᠤᠳᠠᠯᠯᠠᠬᠤ᠂ ᠠᠷᠠᠳ ᠤᠨ ᠪᠠᠭᠤᠳᠠᠯ ᠵᠡᠷᠭᠡ ᠤᠯᠠᠨ ᠵᠦᠢᠯ ᠤᠨ ᠡᠵᠡᠩᠨᠡᠯᠲᠡ ᠶᠢᠨ | ᠬᠡᠯᠪᠡᠷᠢ ᠪᠠᠶᠢᠳᠠᠯ ᠢᠶᠠᠷ ᠲᠦᠷᠪᠡᠨ ᠵᠦᠭ ᠨᠠᠢᠮᠠᠨ ᠵᠣᠪᠬᠢᠰ ᠠᠴᠠ ᠬᠦᠷᠤᠯᠴᠡᠨ ᠢᠷᠡᠭᠰᠡᠨ ᠵᠤᠴᠢᠳ ᠢᠶᠠᠨ ᠤᠭᠲᠤᠵᠤ᠂ | ᠬᠥᠬᠡᠮᠳᠦᠭ ᠨᠤᠭᠤᠭᠠᠨ ᠠᠭᠤᠯᠠ ᠤᠰᠤ᠂ ᠦᠨᠢᠷ ᠪᠠᠶᠠᠯᠢᠭ ᠦᠩᠭᠡ ᠦᠵᠡᠮᠵᠢ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠶᠢᠳᠠ ᠰᠠᠶᠢᠬᠠᠨ ᠵᠢᠷᠤᠭ ᠢ ᠳᠡᠯᠭᠡᠨ ᠦᠵᠡᠭᠦᠯᠵᠦ ᠪᠠᠶᠢᠨ᠎ᠠ᠃ |