ᠬᠢᠩᠭᠠᠨ ᠠᠶᠢᠮᠠᠭ ᠤᠨ 2024 ᠣᠨ ᠤ ᠨᠠᠰᠤᠲᠠᠶᠢᠴᠤᠳ ᠤᠨ ᠨᠢᠳᠤᠷᠭ᠎ᠠ ᠶᠢᠨ ᠲᠠᠮᠢᠷ ᠤᠨ ᠬᠠᠮᠲᠤᠷᠠᠭᠰᠠᠨ ᠲᠣᠭᠯᠠᠯᠲᠠ ᠤᠯᠠᠭᠠᠨᠬᠤᠲᠠ ᠶᠢᠨ ᠲᠠᠪᠦ‍ ᠨᠢᠭᠡ ᠶᠢᠨ ᠠᠭᠤᠳᠠᠮ ᠲᠠᠯᠠᠪᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/19
    9 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠤ᠂ ᠡᠯ᠎ᠠ ᠬᠤᠰᠢᠭᠤ ᠰᠢᠶᠠᠨ ᠤ ᠨᠠᠰᠤᠳᠠᠶᠢᠴᠤᠳ ᠤᠨ ᠪᠡᠶ᠎ᠡ ᠶᠢᠨ ᠲᠠᠮᠢᠷ  ᠤᠨ ᠨᠡᠶᠢᠭᠡᠮᠯᠢᠭ ᠠᠴᠠ ᠬᠠᠮᠵᠢᠯᠴᠠᠨ ᠡᠷᠬᠢᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ᠂ ᠠᠶᠢᠮᠠᠭ ᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠᠶᠢᠭᠤᠯᠤᠭᠳᠠᠭᠰᠠᠨ 40 ᠵᠢᠯ ᠤᠨ ᠣᠶ ᠶᠢ  ᠪᠡᠯᠭᠡᠯᠡᠬᠦ︾ ᠬᠢᠩᠭᠠᠨ ᠠᠶᠢᠮᠠᠭ ᠤᠨ 2024 ᠣᠨ ᠤ ᠨᠠᠰᠤᠲᠠᠶᠢᠴᠤᠳ ᠤᠨ ᠨᠢᠳᠤᠷᠭ᠎ᠠ ᠶᠢᠨ ᠲᠠᠮᠢᠷ ᠤᠨ ᠬᠠᠮᠲᠤᠷᠠᠭᠰᠠᠨ ᠲᠣᠭᠯᠠᠯᠲᠠ ᠤᠯᠠᠭᠠᠨᠬᠤᠲᠠ ᠶᠢᠨ ᠲᠠᠪᠤ ᠨᠢᠭᠡ ᠶᠢᠨ ᠠᠭᠤᠳᠠᠮ ᠲᠠᠯᠠᠪᠠᠶ ᠳᠤ ᠶᠠᠪᠤᠭᠳᠠᠪᠠ᠃      ᠲᠤᠰ ᠠᠵᠢᠯᠯᠠᠭ᠎ᠠ ᠨᠢ ︽ᠭᠠᠯ ᠪᠠᠮᠪᠠᠷ ᠮᠡᠲᠦ ᠳᠤᠮᠳᠠᠳᠤ ᠤᠯᠤᠰ︾ ᠭᠡᠬᠦ ᠪᠦᠵᠢᠭ ᠤᠨ ᠳᠤᠮᠳᠠ ᠬᠥᠰᠢᠭᠡ ᠪᠠᠨ ᠰᠡᠬᠦᠪᠡ᠃ ᠪᠡᠶ᠎ᠡ ᠴᠢᠭᠢᠷᠠᠭᠵᠢᠭᠤᠯᠬᠤ ᠲᠠᠮᠢᠷ᠂ ᠢᠯᠢᠵᠦ ᠨᠤᠬᠤᠯᠠᠬᠤ ᠪᠥᠮᠪᠥᠭᠡᠨ ᠲᠠᠮᠢᠷ ᠵᠡᠷᠭᠡ ᠲᠣᠭᠯᠠᠯᠲᠠ ᠶᠢᠨ ᠠᠶᠢᠵᠠᠮ ᠨᠢ  ᠡᠷᠴᠢᠮᠳᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠨᠠᠰᠤᠲᠠᠶᠢᠴᠤᠳ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠬᠦᠯᠵᠠᠢ᠃ ᠭᠤᠶᠢᠳᠠ ᠰᠠᠶᠢᠬᠠᠨ ᠮᠠᠨᠵᠤ ᠲᠡᠷᠯᠢᠭ ᠤᠨ ᠬᠤᠪᠴᠠᠰᠤ ᠵᠠᠰᠠᠯ ᠤᠨ ᠦᠵᠡᠭᠦᠯᠭᠡ᠂ ᠠᠭᠤᠳᠠᠮ ᠲᠠᠯᠠᠪᠠᠢ ᠶᠢᠨ ᠪᠥᠵᠢᠭ᠂ ᠶᠠᠩᠭᠠᠷ ᠵᠡᠷᠭᠡ ᠲᠣᠭᠯᠠᠯᠲᠠ ᠨᠢ ᠪᠦᠬᠦ᠋ᠢᠯᠡ ᠲᠣᠭᠯᠠᠯᠲᠠ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号