| ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠰᠤᠶᠤᠯ ᠤᠨ ᠦᠵᠡᠯ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠤᠨ᠂ | ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠤ᠂ ᠰᠢᠨ᠎ᠡ ᠲᠤᠮᠳᠠᠳᠤ | ᠤᠯᠤᠰ ᠪᠠᠶᠢᠭᠤᠯᠤᠬᠳᠠᠬᠰᠠᠨ 75 ᠵᠢᠯ ᠤᠨ ᠤᠢ ᠶᠢ ᠪᠡᠯᠭᠡᠯᠡᠨ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ | ᠦᠪ ᠤᠨ ᠲᠦᠷᠦᠯ ᠵᠦᠢᠯ ᠪᠤᠯᠬᠤ ︽ᠢᠷᠦᠭᠡᠯ ᠮᠠᠭᠳᠠᠭᠠᠯ︾ ᠢ ᠤᠯᠠᠮᠵᠢᠯᠠᠨ ᠬᠠᠮᠠᠭᠠᠯᠠᠵᠦ᠂ ᠬᠢᠩᠭᠠᠨ ᠠᠶᠢᠮᠠᠬ ᠤᠨ | ᠦᠨᠳᠦᠰᠦᠳᠡᠨ ᠤ ᠪᠦᠯᠬᠦᠯᠳᠡᠯ ᠲᠠᠪᠰᠢᠯᠳᠠ ᠶᠢᠨ ᠵᠢᠱᠢᠶᠡᠴᠢ ᠠᠶᠢᠮᠠᠬ ᠤᠨ ᠢᠷᠠᠭᠤ ᠠᠯᠳᠠᠷ ᠢ ᠤᠯᠠᠮ ᠰᠠᠶᠢᠨ ᠤᠬᠠᠭᠤᠯᠤᠨ | ᠲᠡᠯᠭᠡᠷᠡᠬᠦᠯᠬᠦ ᠶᠢᠨ ᠲᠦᠯᠦᠭᠡ ᠤᠯᠠᠭᠠᠨᠬᠤᠳᠠ ᠶᠢᠨ ᠰᠤᠶᠤᠯ ᠤᠨ ᠦᠪ ᠬᠦᠷᠦᠩᠭᠡ ᠶᠢᠨ ᠬᠠᠮᠠᠭᠠᠯᠠᠯᠳᠠ ᠶᠢᠨ ᠲᠦᠪ᠂ ᠬᠢᠩᠭᠠᠨ | ᠠᠶᠢᠮᠠᠬ ᠤᠨ ᠬᠠᠮ ᠵᠠᠭᠤᠴᠢᠯᠠᠭᠤᠷ ᠤᠨ ᠲᠦᠪ᠂ ᠠᠶᠢᠮᠠᠬ ᠤᠨ ᠵᠤᠬᠢᠶᠠᠯᠴᠢᠳ ᠤᠨ ᠡᠪᠯᠡᠯ ᠠᠴᠠ ᠭᠤᠤᠯᠯᠠᠨ ᠡᠷᠬᠢᠯᠡᠵᠤ᠂ | ᠤᠯᠠᠭᠠᠨᠬᠤᠳᠠ ᠶᠢᠨ ᠬᠤᠷᠴᠢᠨ ᠢᠳᠡᠭᠡᠨ ᠤᠮᠳᠠᠭᠠᠨ ᠤ ᠬᠠᠮᠢᠶᠠᠷᠤᠯᠳᠠ ᠦᠢᠯᠡᠴᠢᠯᠡᠭᠡᠨ ᠤ ᠬᠠᠷᠢᠭᠤᠴᠠᠯᠭᠠᠳᠤ ᠺᠤᠮᠫᠠᠨᠢ᠂ | ᠤᠯᠠᠭᠠᠨᠬᠤᠳᠠ ᠶᠢᠨ ᠠᠷᠠᠳ ᠤᠨ ᠤᠷᠠᠯᠢᠬᠴᠢᠳ ᠤᠨ ᠡᠪᠯᠡᠯ᠂ ᠤᠯᠠᠭᠠᠨᠬᠤᠳᠠ ᠶᠢᠨ ᠬᠤᠩ ᠴᠧᠩ ᠲᠤᠮᠳᠠᠳᠤ | ᠰᠤᠷᠭᠠᠭᠤᠯᠢ ᠠᠴᠠ ᠲᠠᠭᠠᠭᠠᠴᠢᠯᠠᠨ ᠡᠷᠬᠢᠯᠡᠭᠰᠠᠡ ︽ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭᠠᠯᠠᠵᠤ᠂ | ᠲᠡᠤᠭᠡ ᠰᠤᠶᠤᠯ ᠤᠨ ᠷᠢᠳᠢ ᠰᠢᠳᠢ ᠶᠢ ᠭᠠᠶᠢᠬᠠᠭᠤᠯᠬᠤ︾ ᠭᠤᠤᠯ ᠰᠡᠳᠦᠪᠳᠤ ᠬᠢᠩᠭᠠᠨ ᠠᠶᠢᠮᠠᠬ ᠤᠨ ᠠᠩᠬᠠᠳᠤᠭᠠᠷ | ᠬᠤᠭᠤᠴᠠᠭᠠᠨ ᠤ ︽ᠬᠤᠷᠴᠢᠨ ᠬᠤᠨᠳᠠᠭᠠᠳᠤ︾ ᠢᠷᠦᠭᠡᠯ ᠮᠠᠬᠳᠠᠭᠠᠯ ᠤᠨ ᠤᠷᠤᠯᠳᠤᠭᠠᠨ ᠢ ᠦᠯᠵᠡᠢ ᠮᠦᠷ ᠲᠠᠢ ᠰᠠᠶᠢᠬᠠᠨ | ᠶᠠᠪᠤᠬᠳᠠᠭᠤᠯᠬᠤ ᠪᠠᠷ ᠪᠠᠶᠢᠨ᠎ᠠ᠃ ᠁ | ᠨᠢᠭᠡ᠂ ᠤᠷᠤᠯᠳᠤᠭᠠᠨ ᠳᠤ ᠤᠷᠤᠯᠴᠠᠬᠤ ᠨᠦᠬᠦᠴᠡᠯ᠄ | 1 . ᠤᠷᠤᠯᠳᠤᠭᠠᠨ ᠳᠤ ᠤᠷᠤᠯᠴᠠᠬᠤ ᠢᠷᠦᠭᠡᠯ ᠮᠠᠭᠳᠠᠭᠠᠯ ᠤᠨ ᠪᠦᠳᠦᠭᠡᠯ ᠢ ᠡᠷᠭᠡᠪᠰᠢ ᠡᠪ ᠬᠠᠮᠳᠤ ᠨᠠᠮ᠂ ᠡᠭᠡ | ᠤᠯᠤᠰ᠂ ᠡᠭᠡ ᠨᠤᠳᠤᠬ ᠢᠶᠠᠨ ᠬᠠᠶᠢᠷᠠᠯᠠᠬᠤ ᠪᠠᠷ ᠭᠤᠤᠯ ᠰᠡᠳᠦᠪ ᠪᠤᠯᠭᠠᠵᠦ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠶᠢᠨ ᠲᠤᠭᠤᠷᠢᠨ ᠳᠤ ᠤᠷᠤᠨ ᠨᠤᠳᠤᠬ ᠤᠨ ᠤᠯᠠᠮᠵᠢᠯᠠᠯᠳᠤ | ᠰᠤᠶᠤᠯ᠂ ᠡᠭᠡ ᠤᠷᠤᠨ ᠤ ᠪᠠᠨ ᠬᠦᠭᠵᠢᠯ ᠪᠠᠳᠠᠷᠠᠯ ᠢ ᠮᠠᠬᠳᠠᠨ ᠲᠠᠭᠤᠯᠠᠬᠰᠠᠨ ᠪᠦᠳᠦᠭᠡᠯ ᠪᠠᠶᠢᠬᠤ ᠭᠡᠷᠡᠭᠳᠡᠢ᠃ | 2 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠨᠠᠷ ᠡᠷᠭᠡᠪᠰᠢ ᠵᠦᠪ ᠤᠨᠤᠪᠴᠢᠳᠠᠢ ᠦᠵᠡᠯ ᠰᠠᠨᠠᠭ᠎ᠠ | ᠤᠯᠤᠰ ᠲᠦᠷᠦ ᠶᠢᠨ ᠵᠤᠬᠰᠤᠯᠳᠠ ᠲᠠᠢ ᠪᠠᠶᠢᠬᠤ ᠭᠡᠷᠡᠭᠳᠡᠢ ᠪᠦᠭᠡᠳ ᠰᠢᠯᠢᠳᠡᠭ ᠰᠠᠶᠢᠨ ᠶᠤᠰᠤ ᠰᠤᠷᠳᠠᠬᠤᠨ ᠦᠵᠡᠯᠳᠡ | ᠲᠠᠨᠢᠯᠳᠠ ᠲᠠᠢ ᠪᠠᠶᠢᠵᠤ᠂ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠢ ᠴᠢᠩᠭ᠎ᠠ ᠬᠢᠨᠠᠮᠠᠭᠠᠢ ᠵᠢᠷᠤᠮᠯᠠᠬᠰᠠᠨ ᠪᠠᠶᠢᠬᠤ | ᠭᠡᠷᠡᠭᠳᠡᠢ᠃ | 3 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠶᠢ ᠡᠷᠭᠡᠪᠰᠢ ᠬᠢᠩᠭᠠᠨ ᠠᠶᠢᠮᠠᠬ ᠢᠶᠠᠷ ᠯᠡ | ᠬᠢᠵᠠᠭᠠᠷᠯᠠᠵᠤ᠂ 18 ᠨᠠᠰᠤᠨ ᠠᠴᠠ 60 ᠨᠠᠰᠤᠨ ᠤ ᠬᠤᠭᠤᠷᠤᠨᠳᠤᠬᠢ ᠪᠡᠶ᠎ᠡ ᠮᠠᠬᠠᠪᠤᠳ ᠡᠷᠡᠬᠦᠯ ᠴᠢᠬᠢᠷᠠᠬ ᠪᠠᠶᠢᠬᠤ ᠶᠢ | ᠱᠠᠭᠠᠷᠳᠠᠨ᠎ᠠ᠃ | 4 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠡᠷᠭᠡᠪᠰᠢ ᠰᠠᠶᠢᠨ ᠰᠠᠶᠢᠬᠠᠨ ᠤᠷᠤᠯᠳᠤᠭᠠᠨ ᠤ ᠭᠡᠪ | ᠰᠤᠷᠳᠠᠯ ᠲᠠᠢ ᠪᠠᠶᠢᠬᠤ ᠭᠡᠷᠡᠭᠳᠡᠢ᠃ | ᠬᠤᠶᠠᠷ᠂ ᠤᠷᠤᠯᠳᠤᠭᠠᠨ ᠤ ᠱᠠᠭᠠᠷᠳᠠᠯᠭ᠎ᠠ᠄ | 1 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠡᠷᠭᠡᠪᠰᠢ ᠢᠷᠦᠭᠡᠯ ᠮᠠᠬᠳᠠᠭᠠᠯ ᠤᠨ ᠦᠬᠡᠰ ᠢᠶᠠᠨ | ᠨᠠᠷᠢᠯᠢᠭ ᠪᠡᠯᠡᠳᠭᠡᠵᠤ᠂ ᠠᠭᠤᠯᠭ᠎ᠠ ᠶᠢᠨ ᠲᠠᠯ᠎ᠠ ᠪᠠᠷ ᠡᠷᠡᠬᠦᠯ ᠰᠠᠷᠠᠭᠤᠯ᠂ ᠦᠭᠡᠳᠡᠷᠭᠡᠭ᠂ ᠤᠷᠤᠨ ᠨᠤᠳᠤᠬ ᠤᠨ | ᠤᠨᠴᠠᠯᠢᠬ ᠲᠠᠢ ᠤᠯᠠᠮᠵᠢᠯᠠᠯᠳᠤ ᠢᠷᠦᠭᠡᠯ ᠮᠠᠭᠳᠠᠭᠠᠯ ᠪᠠᠶᠢᠵᠤ᠂ ᠨᠤᠳᠤᠬ ᠤᠷᠤᠨ ᠤ ᠡᠭᠡ ᠪᠠᠶᠢᠭᠠᠯᠢ ᠶᠢᠨ ᠠᠭᠤᠯᠠ ᠤᠰᠤ᠂ | ᠬᠦᠮᠦᠨ ᠠᠷᠠᠳ ᠤᠨ ᠠᠮᠢᠳᠤᠷᠠᠯ ᠤᠨ ᠵᠠᠩ ᠵᠠᠩᠰᠢᠯ᠂ ᠰᠢᠨ᠎ᠡ ᠴᠠᠬ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠮᠠᠬᠳᠠᠨ | ᠲᠠᠭᠤᠯᠠᠬᠰᠠᠨ ᠠᠭᠤᠯᠭ᠎ᠠ ᠪᠠᠶᠢᠬᠤ ᠶᠢ ᠱᠠᠭᠠᠷᠳᠠᠵᠦ᠂ ᠠᠭᠤᠯᠭ᠎ᠠ ᠳᠠᠭᠠᠨ ᠵᠤᠷᠢᠭᠤᠯᠤᠬᠰᠠᠨ ᠲᠤᠭᠯᠠᠯᠳᠠ ᠶᠢᠨ ᠪᠠᠭᠠᠵᠢ | ᠭᠡᠷᠡᠭᠰᠡᠯ ᠢᠶᠠᠷ ᠲᠤᠭᠯᠠᠯᠳᠠ ᠶᠢᠨ ᠬᠢᠷᠢ ᠪᠦᠳᠦᠮᠵᠢ ᠪᠠᠨ ᠲᠡᠭᠡᠭᠰᠢᠯᠡᠬᠦᠯᠵᠤ ᠪᠤᠯᠤᠨ᠎ᠠ᠃ | 2 . ᠢᠷᠦᠭᠡᠯ ᠮᠠᠭᠳᠠᠭᠠᠯ ᠢᠶᠠᠨ ᠤᠯᠠᠮᠵᠢᠯᠠᠯᠳᠤ ᠠᠷᠭ᠎ᠠ ᠪᠠᠷ ᠤᠶᠠᠩᠭᠠᠯᠠᠨ ᠲᠠᠭᠤᠯᠠᠵᠦ᠂ ᠤᠷᠠᠠ ᠪᠦᠳᠦᠭᠡᠯ ᠤᠨ ᠦᠵᠡᠯ | ᠰᠠᠨᠠᠭᠠᠳᠤ ᠴᠢᠨᠠᠷ ᠪᠠ ᠤᠷᠠᠯᠢᠬᠳᠤ ᠴᠢᠨᠠᠷ ᠢ ᠪᠠᠳᠤᠯᠠᠬᠰᠠᠨ ᠪᠠᠶᠢᠬᠤ ᠬᠡᠷᠡᠭᠳᠠᠢ᠃ | 3 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠡᠷᠭᠡᠪᠰᠢ ᠭᠠᠭᠴᠠ ᠪᠦᠳᠦᠭᠡᠯ ᠢᠶᠠᠷ ᠨᠡᠷ᠎ᠡ | ᠮᠡᠳᠡᠬᠦᠯᠦᠨ᠎ᠡ᠃ | 4 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠤᠷᠤᠯᠳᠤᠭᠠᠨ ᠤ ᠲᠠᠯᠠᠪᠤᠷ ᠲᠤ ᠡᠷᠭᠡᠪᠰᠢ ᠬᠠᠶᠢᠷ᠎ᠠ | ᠰᠡᠳᠬᠢᠯᠭᠡ ᠪᠢᠯᠬᠠᠮ᠎ᠠ᠂ ᠲᠤᠭᠯᠠᠯᠳᠠ ᠶᠢᠨ ᠲᠦᠷᠰᠦᠯᠡᠯ ᠠᠮᠢᠳᠤᠯᠢᠬ᠂ ᠢᠷᠦᠭᠡᠯ ᠮᠠᠭᠳᠠᠭᠠᠯ ᠤᠨ ᠠᠭᠤᠯᠭ᠎ᠠ ᠶᠢ ᠪᠦᠷᠢᠨ | ᠬᠦᠢᠴᠡᠳ ᠲᠤᠭᠯᠠᠵᠤ᠂ ᠰᠡᠳᠬᠢᠯᠭᠡ ᠶᠢᠨ ᠢᠯᠡᠷᠡᠯ ᠲᠤᠳᠤ᠂ ᠦᠪᠡᠷᠮᠢᠴᠡ ᠤᠨᠴᠠᠯᠢᠬ ᠲᠠᠢ ᠪᠠᠶᠢᠬᠤ ᠬᠡᠷᠡᠭᠳᠠᠢ᠃ | 5 . ᠡᠷᠭᠡᠪᠰᠢ ᠤᠷᠤᠯᠳᠤᠭᠠᠨ ᠤ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠬᠤᠪᠴᠠᠰᠤ ᠡᠮᠦᠰᠭᠡᠯ ᠲᠡᠷᠢ ᠲᠡᠭᠰᠢ ︵ | ᠤᠯᠠᠮᠵᠢᠯᠠᠯᠳᠤ ᠮᠤᠩᠭᠤᠯ ᠭᠤᠶᠤᠯᠠᠯ︶᠂ ᠴᠤᠬ ᠵᠢᠪᠬᠤᠭ᠎ᠠ ᠪᠠᠳᠠᠷᠠᠩᠭᠤᠢ᠂ ᠰᠠᠶᠢᠨ ᠰᠠᠶᠢᠬᠠᠨ ᠲᠠᠶᠢᠰᠠᠨ ᠤ ᠭᠡᠪ ᠰᠤᠷᠳᠠᠯ ᠢ | ᠪᠠᠳᠠᠷᠠᠭᠤᠯᠬᠤ ᠭᠡᠷᠡᠭᠳᠡᠢ᠃ | 6 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠶᠢᠨ ᠤᠶᠠᠩᠭᠠᠯᠠᠨ ᠲᠠᠭᠤᠯᠠᠬᠤ ᠴᠠᠬ ᠢ 5 | ᠮᠢᠨᠦ᠋ᠲ ᠢᠶᠠᠷ ᠬᠢᠵᠠᠭᠠᠷᠯᠠᠬᠤ ᠪᠦᠭᠡᠳ ᠠᠭᠤᠯᠭ᠎ᠠ ᠶᠢᠨ ᠲᠠᠯ᠎ᠠ ᠪᠠᠷ ᠪᠦᠷᠢᠨ ᠪᠦᠳᠦᠨ ᠪᠠᠶᠢᠬᠤ ᠬᠡᠷᠡᠭᠳᠠᠢ᠃ | 7 . ᠢᠷᠦᠭᠡᠯ ᠮᠠᠭᠳᠠᠭᠠᠯ ᠤᠨ ᠪᠦᠳᠦᠭᠡᠯ ᠢᠶᠠᠨ ᠢᠷᠡᠬᠦᠯᠬᠦ ᠳᠡᠭᠡᠨ ᠤᠷᠤᠯᠴᠠᠬᠴᠢ ᠶᠢᠨ ᠭᠠᠵᠠᠷ ᠤᠷᠤᠨ᠂ ᠢᠷᠦᠭᠡᠯᠴᠢ | ᠮᠠᠭᠳᠠᠭᠠᠯᠴᠢ ᠶᠢᠨ ᠨᠡᠷ᠎ᠡ᠂ ᠪᠦᠳᠦᠭᠡᠯ ᠪᠠ ᠪᠦᠳᠦᠭᠡᠯ ᠤᠨ ᠭᠠᠷᠴᠠᠬ᠂ ᠰᠢᠨ᠎ᠡ ᠪᠠᠷ ᠵᠤᠬᠢᠶᠠᠬᠰᠠᠨ ᠡᠰᠡᠬᠦ᠂ ᠬᠠᠷᠢᠯᠴᠠᠬᠤ | ᠤᠳᠠᠰᠤ ᠵᠡᠷᠭᠡ ᠶᠢ ᠲᠤᠭᠳᠠᠭᠰᠠᠨ ᠢᠮᠧᠯ ᠢᠶᠠᠷ ᠢᠷᠡᠬᠦᠯᠦᠨᠡ᠃ | 8 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠦᠪᠡᠷ ᠤᠨ ᠤᠷᠤᠯᠳᠤᠭᠠᠨ ᠤ ᠪᠦᠳᠦᠭᠡᠯ ᠢᠶᠠᠨ | ᠲᠤᠭᠳᠠᠬᠰᠠᠨ ᠢᠮᠧᠯ ᠢᠶᠠᠷ ᠢᠷᠡᠭᠦᠯᠦᠭᠰᠡᠨ ᠤ ᠲᠠᠷᠠᠭ᠎ᠠ ᠡᠷᠭᠡᠪᠰᠢ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠲᠤ | ᠮᠡᠳᠡᠭᠳᠡᠵᠤ᠂ ᠨᠡᠷ᠎ᠡ ᠮᠡᠳᠡᠬᠦᠯᠵᠤ ᠲᠡᠶᠢᠯᠦᠭᠰᠡᠨ ᠡᠰᠡᠬᠦ ᠪᠠᠨ ᠲᠤᠳᠤᠷᠬᠠᠶᠢᠯᠠᠬᠤ ᠭᠡᠷᠡᠭᠳᠡᠢ᠃ | 9 . ᠨᠡᠷ᠎ᠡ ᠮᠡᠳᠡᠬᠦᠯᠬᠦ ᠴᠠᠬ ᠬᠤᠭᠤᠴᠠᠭ᠎ᠠ᠄ 9 ᠰᠠᠷ᠎ᠠ ᠶᠢᠨ 15 ᠤ ᠡᠳᠦᠷ ᠪᠤᠯᠳᠠᠯ᠎ᠠ ᠨᠡᠷ᠎ᠡ ᠮᠡᠳᠡᠬᠦᠯᠦᠨ᠎ᠡ᠃ ᠨᠡᠷ᠎ᠡ | ᠮᠡᠳᠡᠬᠦᠯᠦᠭᠰᠡᠨ ᠪᠦᠳᠦᠭᠡᠯ ᠢ ᠠᠩᠬ᠎ᠠ ᠤᠳᠠᠭ᠎ᠠ ᠰᠢᠯᠭᠠᠷᠠᠭᠤᠯᠵᠤ᠂ ᠲᠡᠷᠢᠬᠦᠨ ᠤ 32 ᠨᠡᠷᠡᠰ ᠢᠷᠦᠭᠡᠯᠴᠢ ᠮᠠᠬᠳᠠᠭᠠᠯᠴᠢ ᠶᠢ | ᠰᠶᠢᠳᠪᠦᠷᠢᠳᠤ ᠤᠷᠤᠯᠳᠤᠭᠠᠨ ᠳᠤ ᠤᠷᠤᠯᠴᠠᠭᠤᠯᠤᠨ᠎ᠠ᠃ | ᠭᠤᠷᠪᠠ᠂ ᠬᠢᠨᠠᠨ ᠰᠢᠯᠭᠠᠷᠠᠭᠤᠯᠬᠤ ᠪᠠ ᠱᠠᠩᠨᠠᠯ ᠤᠨ ᠮᠦᠩᠬᠦ ᠶᠢᠨ ᠲᠤᠬᠢᠷᠠᠭᠤᠯᠤᠯᠳᠠ᠄ ᠠᠶᠢᠮᠠᠬ ᠤᠨ ᠨᠡᠷᠡᠳᠦ | ᠢᠷᠦᠭᠡᠯᠴᠢ ᠮᠠᠭᠳᠠᠭᠠᠯᠴᠢ᠂ ᠬᠡᠯᠡ ᠤᠳᠬ᠎ᠠ ᠵᠤᠬᠢᠶᠠᠯ ᠤᠨ ᠮᠡᠷᠭᠡᠵᠢᠯᠳᠡᠨ᠂ ᠦᠪᠡᠷᠳᠡᠭᠡᠨ ᠵᠠᠰᠠᠬᠤ ᠤᠷᠤᠨ ᠤ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠦᠪᠯᠡᠡ ᠤᠯᠠᠮᠵᠢᠯᠠᠭᠴᠢ ᠨᠠᠷ ᠢᠶᠠᠷ ᠪᠦᠷᠢᠯᠳᠦᠭᠰᠡᠨ ᠬᠢᠨᠠᠨ ᠰᠢᠯᠭᠠᠷᠠᠭᠤᠯᠬᠤ | ᠲᠤᠭᠤᠶᠢᠯᠠᠩ ᠪᠠᠶᠢᠭᠤᠯᠵᠦ᠂ ᠲᠤᠬᠠᠢ ᠶᠢᠨ ᠲᠠᠯᠠᠪᠤᠷ ᠤᠨ ᠡᠷᠭᠡ ᠲᠡᠭᠰᠢ᠂ ᠲᠦᠪ ᠭᠤᠤᠯᠴᠢ᠂ ᠢᠯᠡ ᠲᠤᠳᠤ | ᠰᠢᠯᠭᠠᠷᠠᠭᠤᠯᠤᠯᠳᠠ ᠪᠠᠷ ᠨᠢᠭᠡᠳᠦᠭᠡᠷ ᠲᠡᠰ ᠲᠤ 1 ᠨᠡᠷᠡᠰ ︵ᠱᠠᠩᠨᠠᠯ ᠤᠨ ᠮᠦᠩᠬᠦ 3000 ᠲᠦᠬᠦᠷᠢᠭ᠂ ᠢᠷᠠᠭᠤ | ᠠᠯᠳᠠᠷ ᠤᠨ ᠦᠨᠡᠮᠯᠡᠯ︶᠂ ᠬᠤᠶᠠᠳᠤᠭᠠᠷ ᠲᠡᠰ ᠲᠤ 2 ᠨᠡᠷᠡᠰ ︵ᠱᠠᠩᠨᠠᠯ ᠤᠨ ᠮᠦᠩᠬᠦ 2000 ᠲᠦᠬᠦᠷᠢᠭ᠂ ᠢᠷᠠᠭᠤ | ᠠᠯᠳᠠᠷ ᠤᠨ ᠦᠨᠡᠮᠯᠡᠯ︶᠂ ᠭᠤᠷᠪᠠᠳᠤᠭᠠᠷ ᠲᠡᠰ ᠲᠤ 3 ᠨᠡᠷᠡᠰ ︵ᠱᠠᠩᠨᠠᠯ ᠤᠨ ᠮᠦᠩᠬᠦ 1000 ᠲᠦᠬᠦᠷᠢᠭ᠂ ᠢᠷᠠᠭᠤ | ᠠᠯᠳᠠᠷ ᠤᠨ ᠦᠨᠡᠮᠯᠡᠯ︶᠂ ᠰᠢᠯᠢᠳᠡᠭ ᠲᠡᠰ ᠲᠤ 10 ᠨᠡᠷᠡᠰ ︵ᠢᠷᠠᠭᠤ ᠠᠯᠳᠠᠷ ᠤᠨ ᠦᠨᠡᠮᠯᠡᠯ︶ ᠢ ᠰᠢᠯᠭᠠᠷᠠᠭᠤᠯᠤᠨ | ᠭᠠᠷᠭᠠᠨ᠎ᠠ᠃ | ᠲᠦᠷᠪᠡ᠂ ᠰᠶᠢᠳᠪᠦᠷᠢᠳᠤ ᠤᠷᠤᠯᠳᠤᠭᠠᠨ ᠤ ᠴᠠᠬ ᠬᠤᠭᠤᠴᠠᠭ᠎ᠠ ᠵᠢᠴᠢ ᠲᠠᠯᠠᠪᠠᠢ᠄ ᠰᠶᠢᠳᠪᠦᠷᠢᠳᠤ ᠤᠷᠤᠯᠳᠤᠭᠠᠨ ᠢ 9 | ᠰᠠᠷ᠎ᠠ ᠶᠢᠨ ᠰᠡᠬᠦᠯᠴᠢ ᠪᠠᠷ ᠤᠯᠠᠭᠠᠨᠬᠤᠳᠠ ᠳᠤ ᠶᠠᠪᠤᠬᠳᠠᠭᠤᠯᠤᠨ᠎ᠠ᠃ | ᠲᠠᠪᠤ᠄ ᠬᠠᠷᠢᠯᠴᠠᠬᠤ ᠠᠷᠭ᠎ᠠ ᠮᠠᠶ᠋ᠢᠬ᠄ | ᠬᠠᠷᠢᠯᠴᠠᠬᠤ ᠬᠦᠮᠦᠨ᠄ ᠪᠤᠤ ᠱᠦᠨ | ᠬᠠᠷᠢᠯᠴᠠᠬᠤ ᠤᠳᠠᠰᠤ᠄ 13948270909 | ᠤᠷᠤᠯᠳᠤᠭᠠᠨ ᠤ ᠪᠦᠳᠦᠭᠡᠯ ᠢᠷᠡᠬᠦᠯᠬᠦ ᠢᠮᠧᠯ᠄ | 2658407614 QQ@.com | ᠸᠢᠴᠠᠲ ᠨᠤᠮᠧᠷ᠄ 13948270909 | ᠭᠤᠤᠯᠯᠠᠨ ᠡᠷᠬᠢᠯᠡᠭᠰᠡᠨ ᠨᠢᠭᠡᠴᠢ᠄ | ᠤᠯᠠᠭᠠᠨᠬᠤᠳᠠ ᠶᠢᠨ ᠰᠤᠶᠤᠯ ᠤᠨ ᠦᠪ ᠬᠦᠷᠦᠩᠭᠡ ᠶᠢ ᠬᠠᠮᠠᠭᠠᠯᠠᠬᠤ ᠲᠦᠪ | ᠬᠢᠩᠭᠠᠨ ᠠᠶᠢᠮᠠᠬ ᠤᠨ ᠬᠠᠮ ᠵᠠᠭᠤᠴᠢᠯᠠᠭᠤᠷ ᠤᠨ ᠲᠦᠪ | ᠬᠢᠩᠭᠠᠨ ᠠᠶᠢᠮᠠᠬ ᠤᠨ ᠵᠤᠬᠢᠶᠠᠯᠴᠢᠳ ᠤᠨ ᠡᠪᠯᠡᠯ | ᠲᠠᠭᠠᠭᠠᠴᠢᠯᠠᠨ ᠡᠷᠬᠢᠯᠡᠭᠰᠡᠨ ᠨᠢᠭᠡᠴᠢ᠄ | ᠤᠯᠠᠭᠠᠨᠬᠤᠳᠠ ᠶᠢᠨ ᠬᠤᠷᠴᠢᠨ ᠢᠳᠡᠭᠡᠨ ᠤᠮᠳᠠᠭᠠᠨ ᠤ ᠬᠠᠮᠢᠶᠠᠷᠤᠯᠳᠠ ᠦᠢᠯᠡᠴᠢᠯᠡᠭᠡᠨ ᠤ ᠬᠢᠵᠠᠭᠠᠷᠳᠤ ᠺᠤᠮᠫᠠᠨᠢ | ᠤᠯᠠᠭᠠᠨᠬᠤᠳᠠ ᠶᠢᠨ ᠠᠷᠠᠳ ᠤᠨ ᠤᠷᠠᠯᠢᠬᠴᠢᠳ ᠤᠨ ᠡᠪᠯᠡᠯ | ᠤᠯᠠᠭᠠᠨᠬᠤᠳᠠ ᠶᠢᠨ ᠬᠤᠩ ᠴᠧᠩ ᠲᠤᠮᠳᠠᠳᠤ ᠰᠤᠷᠭᠠᠭᠤᠯᠢ | 2024 ᠤᠨ ᠤ 8 ᠰᠠᠷ᠎ᠠ ᠶᠢᠨ 22 ᠤᠨ ᠡᠳᠦᠷ |