︽ᠤᠯᠠᠭᠠᠨᠬᠤᠳᠠ︾ ᠠᠴᠠ ︽ᠬᠦᠬᠡᠬᠤᠳᠠ︾ ᠬᠦᠷᠳᠡᠯᠡᠬᠢ ᠠᠶᠠᠯᠠᠯ
ᠨᠡᠶᠢᠲᠡᠯᠡᠭᠰᠡᠨ ᠴᠠᠭ᠄
2024/9/2
    ᠰᠡᠳᠦᠪ ᠲᠤᠰᠢᠶᠠᠯᠳᠠ᠄ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠯᠳᠠ ᠬᠢᠭᠰᠡᠨ 5 ᠵᠢᠯ ᠤᠨ ᠤᠢ ᠶᠢᠨ ᠳᠠᠰᠢᠷᠠᠮ ᠢᠶᠠᠷ᠂ ᠡᠨᠡ ᠵᠢᠯ ᠤᠨ ᠵᠤᠨ ᠤ ᠠᠮᠠᠷᠠᠯᠳᠠ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠡᠯ᠎ᠠ ᠱᠠᠳᠤᠨ ᠤ ᠡᠪᠯᠡᠯ ᠤᠨ ᠵᠤᠬᠢᠶᠠᠨ ᠪᠠᠶᠢᠭᠤᠯᠤᠯᠳᠠ 2024 ᠤᠨ ᠤ ᠵᠤᠨ ᠤ ᠠᠮᠠᠷᠠᠯᠳᠠ ᠶᠢᠨ ︽ᠭᠤᠷᠪᠠ ᠶᠢ ᠬᠦᠳᠡᠭᠡ ᠬᠦᠷᠬᠡᠬᠦ︾ ᠨᠡᠶᠢᠬᠡᠮ ᠤᠨ ᠦᠢᠯᠡᠳᠦᠯᠬᠡ ᠶᠢᠨ 200 ᠭᠠᠷᠤᠢ ᠪᠦᠯᠬᠦᠮ ᠢ ᠵᠤᠬᠢᠶᠠᠨ ᠪᠠᠶᠢᠭᠤᠯᠤᠭᠰᠠᠨ ᠪᠦᠭᠡᠳ ᠲᠡᠳᠡᠭᠡᠷ ᠪᠦᠯᠬᠦᠮ ᠡᠬᠡ ᠤᠯᠤᠰ ᠤᠨ ᠡᠯ᠎ᠠ ᠭᠠᠵᠠᠷ ᠢᠶᠠᠷ ᠬᠦᠷᠴᠦ ᠨᠡᠶᠢᠬᠡᠮ ᠤᠨ ᠦᠢᠯᠡᠳᠦᠯᠬᠡ ᠳᠤ ᠤᠷᠤᠯᠴᠠᠨ᠂ ᠵᠠᠯᠠᠭᠤᠴᠤᠳ ᠤᠨ ᠦᠢᠯᠡᠳᠦᠯᠬᠡ ᠶᠢᠨ ᠳᠤᠮᠳᠠ ᠦᠰᠦᠨ ᠪᠤᠶᠢᠵᠢᠬᠤ ᠶᠢ ᠠᠬᠢᠭᠤᠯᠤᠬᠰᠠᠨ ᠪᠠᠶᠢᠨ᠎ᠠ᠃ ᠦᠨᠦᠳᠦᠷ ᠪᠢᠳᠡ ᠲᠡᠳᠡᠭᠡᠷ ᠤᠯᠠᠨ ᠪᠦᠯᠬᠦᠮ ᠤᠨ ᠲᠤᠳᠤᠷᠠᠬᠢ ︽ᠤᠯᠠᠭᠠᠨᠬᠤᠳᠠ︾ ᠠᠴᠠ ︽ᠬᠦᠬᠡᠬᠤᠳᠠ︾ ᠬᠦᠷᠳᠡᠯᠡᠬᠢ ᠵᠤᠨ ᠤ ᠠᠮᠠᠷᠠᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠶᠠᠯᠠᠨ ᠰᠤᠷᠤᠯᠴᠠᠬᠤ ᠦᠢᠯᠡᠳᠦᠯᠬᠡ ᠶᠢᠨ ᠪᠦᠯᠬᠦᠮ ᠤᠨ ᠵᠠᠮ ᠱᠤᠭᠤᠮ ᠢ ᠲᠠᠭᠠᠨ᠂ ᠲᠡᠳᠡᠨ ᠤ ᠦᠵᠡᠵᠦ ᠬᠠᠷᠠᠭᠰᠠᠨ᠂ ᠪᠤᠳᠤᠬᠳᠠᠵᠤ ᠰᠡᠳᠭᠢᠭᠳᠡᠭᠰᠡᠨ ᠵᠢᠴᠢ ᠤᠯᠤᠯᠳᠠ ᠲᠦᠷᠦᠭᠳᠡᠯ ᠠᠴᠠ ᠨᠢ ᠬᠤᠪᠢᠶᠠᠯᠴᠠᠶ᠎ᠠ᠃     ︽ᠤᠯᠠᠭᠠᠨᠬᠤᠳᠠ︾ ᠠᠴᠠ ︽ᠬᠦᠬᠡᠬᠤᠳᠠ︾ ᠬᠦᠷᠳᠡᠯᠡᠬᠢ ᠵᠤᠨ ᠤ ᠠᠮᠠᠷᠠᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠶᠠᠯᠠᠨ ᠰᠤᠷᠤᠯᠴᠠᠬᠤ ᠦᠢᠯᠡᠳᠦᠯᠬᠡ ᠶᠢᠨ ᠪᠦᠯᠬᠦᠮ ᠨᠢ 16 ᠬᠡᠰᠢᠭᠦᠨ ᠲᠠᠢ ᠪᠠᠶᠢᠵᠤ᠂ ᠲᠡᠳᠡ 15 ᠠᠳᠠᠯᠢ ᠪᠤᠰᠤ ᠲᠤᠰᠬᠠᠢ ᠮᠡᠷᠭᠡᠵᠢᠯ ᠤᠨ᠂ 4 ᠦᠨᠳᠦᠰᠦᠳᠡᠨ ᠤ ᠤᠶᠤᠳᠠᠨ ᠪᠠ ᠠᠰᠫᠢᠷᠠᠨᠲ ᠢᠶᠠᠷ ᠪᠦᠷᠢᠯᠳᠦᠭᠰᠡᠨ ᠪᠠᠶᠢᠨ᠎ᠠ᠃ ᠲᠤᠰ ᠪᠦᠯᠬᠦᠮ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠭᠰᠠᠨ ᠤᠯᠠ ᠮᠦᠷ ᠢᠶᠠᠷ ᠬᠥᠳᠡᠭᠡ ᠲᠣᠰᠬᠤᠨ᠂ ᠠᠵᠤ ᠠᠬᠤᠶᠢᠯᠠᠯ᠂ ᠨᠡᠶᠢᠭᠡᠮ ᠲᠣᠭᠤᠷᠢᠭ ᠢᠶᠠᠷ ᠭᠤᠣᠯᠳᠠᠯᠭ᠎ᠠ ᠲᠠᠢ ᠬᠦᠨᠵᠡᠬᠡᠶᠢᠷᠡᠵᠦ᠂ ︽ᠬᠤᠪᠢᠰᠬᠠᠯᠳᠤ ᠥᠪᠥᠷ ᠮᠣᠩᠭᠤᠯ︾᠂ ︽ᠠᠮᠢ ᠠᠬᠤᠢ ᠶᠢᠨ ᠥᠪᠥᠷ ᠮᠣᠩᠭᠤᠯ︾᠂ ︽ᠠᠵᠤ ᠦᠢᠯᠡᠰ ᠤᠨ ᠥᠪᠥᠷ ᠮᠣᠩᠭᠤᠯ︾᠂ ︽ᠠᠮᠤᠷ ᠲᠦᠪᠰᠢᠨ ᠥᠪᠥᠷ ᠮᠣᠩᠭᠤᠯ︾᠂ ︽ᠪᠦᠯᠬᠦᠮᠳᠡᠯ ᠲᠠᠢ ᠥᠪᠥᠷ ᠮᠣᠩᠭᠤᠯ︾ ᠬᠡᠬᠦ 5 ᠪᠠᠶᠢᠴᠠᠭᠠᠨ ᠰᠤᠳᠤᠯᠤᠯᠲᠠ ᠶᠢᠨ ᠭᠤᠣᠯ ᠰᠡᠳᠦᠪ ᠤᠨ ᠲᠣᠭᠤᠷᠢᠨ ᠳᠤ ᠬᠢᠩᠭᠠᠨ ᠠᠶᠢᠮᠠᠭ — ᠤᠯᠠᠭᠠᠨᠬᠠᠳᠠ ᠬᠤᠲᠠ — ᠰᠢᠯᠢ ᠶᠢᠨ ᠭᠤᠣᠯ ᠠᠶᠢᠮᠠᠭ — ᠪᠠᠶᠠᠨᠨᠠᠭᠤᠷ ᠬᠤᠲᠠ — ᠬᠥᠬᠡᠬᠤᠲᠠ ᠬᠡᠬᠦ ᠵᠠᠮ ᠱᠤᠭᠤᠮ ᠢᠶᠠᠷ 30 ᠭᠠᠷᠤᠢ ᠪᠤᠳᠠᠳᠠᠢ ᠴᠡᠭ ᠲᠤ ᠬᠦᠨᠵᠡᠬᠡᠶᠢᠷᠡᠨ ᠪᠤᠳᠠᠳᠤ ᠦᠢᠯᠡᠳᠦᠯᠬᠡ ᠳᠤ ᠤᠷᠤᠯᠴᠠᠭᠰᠠᠨ ᠪᠠᠶᠢᠨ᠎ᠠ᠃     ᠠᠩᠬᠠᠨ ᠤ ᠦᠷᠳᠡᠭᠡ᠄ ᠬᠤᠪᠢᠰᠬᠠᠯᠳᠤ ᠰᠤᠶᠤᠯ ᠤᠨ ᠬᠦᠷᠦᠰᠤ ᠵᠤᠵᠠᠭᠠᠨ ︽ᠤᠯᠠᠭᠠᠨᠬᠤᠲᠠ︾     8 ᠰᠠᠷ᠎ᠠ ᠶᠢᠨ ᠡᠬᠢ ᠪᠠᠷ᠂ ︽ᠤᠯᠠᠭᠠᠨᠬᠤᠳᠠ︾ ᠠᠴᠠ ︽ᠬᠦᠬᠡᠬᠤᠳᠠ︾ ᠬᠦᠷᠳᠡᠯᠡᠬᠢ ᠵᠤᠨ ᠤ ᠠᠮᠠᠷᠠᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠶᠠᠯᠠᠨ ᠰᠤᠷᠤᠯᠴᠠᠬᠤ ᠦᠢᠯᠡᠳᠦᠯᠬᠡ ᠶᠢᠨ ᠪᠦᠯᠬᠦᠮ ᠤᠨ ᠬᠢᠨ ᠠᠩᠬᠠᠨ ᠤ ᠦᠷᠳᠡᠭᠡ — ᠬᠤᠪᠢᠰᠬᠠᠯᠳᠤ ᠰᠤᠶᠤᠯ ᠤᠨ ᠠᠭᠤᠷ ᠠᠮᠢᠰᠬᠤᠯ ᠦᠳᠬᠡᠨ ᠵᠤᠵᠠᠭᠠᠨ ︽ᠤᠯᠠᠭᠠᠨᠬᠤᠲᠠ︾ ᠳᠤ ᠬᠦᠷᠴᠦ᠂ ᠦᠢᠯᠡᠳᠦᠯᠬᠡ ᠶᠢᠨ ᠬᠢᠴᠢᠶᠡᠯ ᠢᠶᠠᠨ ᠡᠬᠢᠯᠡᠬᠦᠯᠪᠡ᠃     ᠪᠦᠯᠬᠦᠮ ᠤᠨ ᠭᠡᠰᠢᠭᠦᠳ ︽ᠬᠢᠩᠭᠠᠨ ᠠᠶᠢᠮᠠᠭ ᠤᠨ ᠰᠣᠶᠣᠯ ᠤᠨ ᠴᠤᠭᠯᠠᠭᠠᠨ ᠤ ᠥᠷᠥᠭᠡ︾ — ᠤᠯᠠᠭᠠᠨᠮᠥ᠋ᠴᠢᠷ ᠤᠨ ᠣᠷᠳᠣᠨ ᠳᠤ ᠠᠮᠢᠳᠤᠷᠠᠯ ᠤᠨ ᠥᠩ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠦᠨ ᠮᠡᠷᠡᠶᠢᠵᠦ ᠶᠠᠪᠤᠭ᠎ᠠ ᠤᠷᠠᠯᠢᠭᠴᠢᠳ ᠤᠨ ᠤᠷᠠᠨ ᠪᠦᠳᠦᠬᠡᠯ ᠠᠴᠠ ᠰᠣᠶᠣᠯ ᠤᠨ ᠷᠢᠳᠢ ᠰᠢᠳᠢ ᠶᠢ ᠭᠠᠶᠢᠬᠠᠵᠤ᠂ ᠰᠡᠳᠬᠢᠯ ᠬᠥᠳᠡᠯᠭᠡᠮ᠎ᠡ ᠠᠶ᠎ᠠ ᠡᠬᠡᠰᠢᠭ ᠤᠨ ᠳᠤᠮᠳᠠ ︽ᠪᠦᠯᠬᠦᠮᠳᠡᠯ ᠲᠠᠢ ᠦᠪᠦᠷ ᠮᠤᠩᠭᠤᠯ︾ ᠤᠨ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠦᠯᠢᠭᠡᠷ ᠢ ᠤᠶᠢᠯᠠᠭᠠᠯ᠎ᠠ᠃ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠳᠤ ︽ᠪᠢᠴᠢᠬᠠᠨ ᠤᠬᠠᠭᠤᠯᠤᠨ ᠲᠠᠶᠢᠯᠪᠤᠷᠢᠯᠠᠭᠴᠢ︾ ᠶᠢᠨ ᠰᠡᠳᠭᠢᠯ ᠬᠥᠳᠡᠯᠭᠡᠮ᠎ᠡ ᠲᠠᠶᠢᠯᠪᠤᠷᠢ ᠠᠴᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ ᠬᠠᠮᠲᠤᠪᠠᠷ ᠲᠡᠮᠡᠴᠡᠭᠰᠡᠨ ᠠᠭᠤᠤ ᠶᠡᠭᠡ ᠥᠩᠭᠡᠷᠡᠯᠲᠡ ᠶᠢ ᠨᠡᠩ ᠬᠦᠨᠵᠡᠭᠡᠢ ᠣᠶᠢᠯᠠᠭᠠᠪᠠ᠃ ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠭᠠᠵᠠᠷ ᠲᠤ ᠲᠡᠳᠡ ︽ᠲᠠᠪᠤᠨ ᠰᠠᠷ᠎ᠠ ᠶᠢᠨ ᠨᠢᠭᠡᠨ ᠤ ᠶᠡᠭᠡ ᠬᠤᠷᠠᠯ ᠤᠨ ᠪᠣᠳᠠᠲᠤ ᠲᠡᠮᠳᠡᠭᠯᠡᠯ︾ ᠢ ᠰᠤᠨᠢᠷᠬᠠᠵᠤ᠂ ᠪᠠᠷᠢᠮᠲᠠᠲᠤ ᠺᠢᠨᠣ᠋ ᠪᠣᠯᠣᠨ ᠰᠣᠨᠢᠨ ᠳᠤ ᠳᠡᠮᠳᠡᠭᠯᠡᠭᠳᠡᠭᠰᠡᠨ ᠳᠡᠦᠬᠡ ᠠᠴᠠ ᠥᠪᠥᠷ ᠮᠣᠩᠭᠤᠯ ᠤᠨ ᠬᠤᠪᠢᠰᠬᠠᠯ ᠤᠨ ᠵᠠᠮ ᠢ ᠳᠠᠬᠢᠨᠳᠠ ᠡᠷᠬᠢᠴᠡᠬᠦᠯᠦᠯ᠎ᠡ᠃ ︽ᠬᠠᠨ᠎ᠠ ᠳᠡᠭᠡᠷᠡᠬᠢ ᠭᠠᠵᠠᠷ ᠤᠨ ᠵᠢᠷᠤᠭ ᠠᠴᠠ ᠬᠤᠪᠢᠰᠬᠠᠯ ᠢ ᠵᠢᠯᠣᠭᠤᠳᠴᠤ ᠪᠠᠶᠢᠭᠰᠠᠨ ᠣᠷᠣ ᠮᠥᠷ ᠲᠤᠳᠤ ᠬᠠᠷᠠᠭᠳᠠᠨ᠎ᠠ︾᠂ ︽ᠲᠡᠷᠡ ᠬᠦ ᠠᠷᠠᠰᠤᠨ ᠬᠤᠪᠴᠠᠰᠤ ᠨᠢ ᠪᠦᠷ ᠡᠯᠡᠭᠳᠡᠨ ᠨᠠᠪᠳᠠᠷᠠᠴᠢᠬᠠᠵᠠᠢ︾ ᠁ ᠤᠯᠠᠭᠠᠨᠬᠦᠦ ᠶᠢᠨ ᠠᠯᠪᠠᠨ ᠭᠡᠷ ᠤᠨ ᠬᠠᠭᠤᠴᠢᠨ ᠪᠠᠭᠤᠷᠢ ᠳᠤ ᠭᠡᠰᠢᠭᠦᠳ ᠬᠠᠭᠤᠴᠢᠨ ᠭᠡᠷᠡᠯ ᠵᠢᠷᠤᠭ᠂ ᠬᠠᠭᠤᠴᠢᠨ ᠡᠳ᠋ᠯᠡᠯ ᠬᠡᠷᠡᠭᠰᠡᠯ ᠨᠦᠭᠦᠳ ᠠᠴᠠ ᠤᠯᠠᠭᠠᠨᠬᠦᠦ ᠨᠥᠬᠦᠷ ᠤᠨ ᠬᠤᠪᠢᠰᠬᠠᠯ ᠤᠨ ᠲᠥᠯᠥᠭᠡ ᠰᠢᠷᠭᠠᠭᠤ ᠬᠠᠲᠠᠭᠤᠵᠢᠯᠲᠠᠢ ᠵᠢᠳᠬᠦᠭᠰᠡᠨ ᠪᠠᠲᠤ ᠴᠢᠩᠭ᠎ᠠ ᠢᠲᠡᠭᠡᠯ ᠪᠢᠰᠢᠷᠡᠯ ᠪᠣᠯᠣᠨ ᠬᠤᠪᠢᠰᠬᠠᠯ ᠤᠨ ᠵᠣᠷᠢᠭ ᠰᠠᠨᠠᠭ᠎ᠠ ᠶᠢ ᠬᠦᠨᠵᠡᠭᠡᠢ ᠤᠬᠠᠭᠠᠷᠠᠵᠤ᠂ ᠬᠦᠴᠢᠷ ᠪᠡᠷᠬᠡ ᠠᠴᠠ ᠠᠶᠤᠬᠤ ᠦᠬᠡᠢ ᠤᠷᠤᠭᠰᠢᠯᠠᠨ ᠳᠠᠪᠰᠢᠬᠤ ᠢᠳᠡ ᠬᠦᠴᠦᠨ ᠢᠶᠠᠨ ᠬᠦᠪᠴᠢᠯᠡᠯ᠎ᠡ᠃     ︽ᠲᠡᠷᠡ ᠬᠤᠯᠠ ᠭᠠᠵᠠᠷ ᠶᠠᠭᠠᠬᠢᠭᠠᠳ ᠠᠳᠡ ᠠᠴᠠ ᠤᠰᠤ ᠳᠠᠳᠠᠭᠰᠠᠨ ᠪᠤᠢ︖︾ ᠦᠪᠦᠷ ᠮᠤᠩᠭᠤᠯ ᠤᠨ ᠴᠤᠤᠯ ᠭᠤᠤᠯ ᠤᠨ ᠤᠰᠤ ᠶᠢ ᠳᠠᠳᠠᠵᠤ ᠯᠢᠶᠤᠤ ᠡᠾᠧ ᠭᠤᠤᠯ ᠳᠤ ᠤᠰᠤ ᠬᠠᠩᠭᠠᠬᠤ ᠬᠢᠵᠠᠭᠠᠷᠳᠤ ᠺᠤᠮᠫᠠᠨᠢ ᠳᠤ ᠰᠤᠷᠤᠭᠴᠢᠳ ᠤᠨ ᠡᠶᠢᠮᠦᠷᠬᠦ ᠤᠯᠠᠨ ᠠᠰᠠᠭᠤᠯᠳᠠ ᠶᠢ ᠲᠠᠶᠢᠯᠪᠤᠷᠢᠯᠠᠭᠴᠢ ᠠᠴᠠ ᠨᠢᠬᠡᠳ ᠨᠢᠬᠡ ᠪᠠᠷ ᠬᠠᠷᠢᠭᠤᠯᠬᠤ ᠶᠢᠨ ᠳᠠᠭᠠᠤ ᠡᠨᠡ ᠬᠦ ᠤᠰᠤᠨ ᠠᠰᠢᠭᠯᠠᠯᠳᠠ ᠶᠢᠨ ᠢᠨᠵᠧᠨᠧᠷᠢᠩ ᠤᠨ ᠴᠢᠬᠤᠯᠠ ᠠᠴᠢ ᠬᠤᠯᠪᠤᠭᠳᠠᠯ ᠢ ᠶᠠᠷᠢᠵᠤ ᠦᠭᠭᠦᠯ᠎ᠡ᠃ ︽ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠭᠦᠨᠵᠡᠭᠡᠢ ᠠᠴᠢ ᠬᠤᠯᠪᠣᠭᠳᠠᠯ ᠢ ᠠᠳᠡ ᠦᠨᠡᠨ ᠬᠦ ᠦᠢᠯᠡᠳᠦᠯᠭᠡᠵᠢᠭᠦᠯᠦᠨ ᠪᠤᠳᠠᠳᠠᠶᠢᠵᠢᠭᠤᠯᠤᠯ᠎ᠠ᠃ ︿ᠴᠤᠤᠯ ᠭᠤᠣᠯ ᠢ ᠲᠠᠲᠠᠵᠤ ᠯᠢᠶᠤᠤ ᠡᠾᠧ ᠭᠤᠤᠯ ᠳᠤ ᠤᠰᠤ ᠬᠠᠩᠭᠠᠬᠤ﹀ ᠢᠨᠵᠧᠨᠧᠷᠢᠩ ᠪᠣᠯ ᠠᠷᠠᠳ ᠤᠨ ᠠᠮᠢᠳᠤᠷᠠᠯ ᠳᠤ ᠦᠨᠡᠨ ᠬᠦ ᠦᠢᠯᠡᠴᠢᠯᠡᠬᠦ ᠠᠷᠠᠳ ᠲᠤ ᠠᠰᠢᠭᠲᠠᠢ ᠰᠠᠭᠤᠷᠢ ᠢᠨᠵᠧᠨᠧᠷᠢᠩ ᠪᠣᠯᠣᠨ᠎ᠠ︾ ᠭᠡᠵᠦ ᠰᠤᠷᠤᠭᠴᠢ ᠬᠤᠤ ᠨᠢᠩ ᠲᠤᠭᠳᠤᠯᠤᠨ ᠶᠠᠷᠢᠨ᠎ᠠ᠃     ᠬᠤᠶᠠᠳᠡᠬᠢ ᠥᠷᠲᠡᠭᠡ᠄ ᠬᠠᠰ ᠯᠤᠤ ᠶᠢᠨ ᠨᠤᠳᠤᠭ ᠤᠯᠠᠭᠠᠨᠬᠠᠳᠠ     ᠠᠭᠠᠬᠢᠮ᠎ᠠ ᠵᠤᠨ ᠤ 8 ᠰᠠᠷ᠎ᠠ ᠶᠢᠨ 6 ᠤ ᠡᠳᠦᠷ᠂ ᠲᠤᠰ ᠪᠦᠯᠬᠦᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠭᠰᠠᠨ ᠤᠯᠠ ᠮᠦᠷ ᠢᠶᠠᠷ ᠤᠯᠠᠭᠠᠨᠬᠠᠳᠠ ᠶᠢᠨ ᠡᠮᠡᠬᠡᠯ ᠠᠭᠤᠯᠠ ᠤᠢ ᠰᠢᠭᠤᠢ ᠶᠢᠨ ᠳᠠᠯᠠᠪᠠᠢ ᠳᠤ ᠬᠦᠷᠦᠭᠰᠡᠨ ᠶᠤᠮ᠃ ᠤᠢ ᠰᠢᠭᠤᠢ ᠶᠢᠨ ᠳᠠᠯᠠᠪᠠᠢ ᠶᠢᠨ ᠳᠠᠷᠤᠭ᠎ᠠ ᠼᠠᠢ ᠱᠤ᠋ ᠯᠢᠩ ᠪᠤᠯᠤᠨ ᠤᠤᠯ ᠤᠨ ᠳᠤᠰᠬᠤᠨ ᠳᠤ ᠰᠠᠭᠤᠭ᠎ᠠ ᠨᠢᠬᠡᠳᠦᠬᠡᠷ ᠱᠦᠵᠢ ᠯᠢᠦ ᠶᠧ ᠶᠠᠩ ᠲᠠᠢ ᠬᠠᠮᠳᠤ ᠰᠤᠷᠤᠭᠴᠢᠳ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠳᠠᠬᠢᠨᠳᠠ ᠡᠷᠬᠢᠴᠡᠬᠦᠯᠵᠦ᠂ ᠦᠪᠦᠷ ᠮᠤᠩᠭᠤᠯ ᠤᠨ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠬᠤ ᠳᠤ ᠦᠵᠡᠬᠦᠯᠦᠭᠰᠡᠨ ᠴᠢᠷᠮᠠᠶᠢᠯᠭ᠎ᠠ ᠶᠢ ᠴᠢᠨᠠᠭᠰᠢᠳᠠ ᠤᠶᠢᠯᠠᠭᠠᠪᠠ᠃     ᠡᠳᠦᠷ ᠳᠤᠳᠤᠮ ᠤᠨ ᠠᠮᠢᠳᠤᠷᠠᠯ ᠤᠨ ᠬᠡᠷᠡᠭᠰᠡᠯ ᠢ ᠳᠡᠷᠢ ᠳᠡᠭᠰᠢ ᠳᠠᠯᠪᠢᠭᠰᠠᠨ ᠡᠮᠡᠬᠡᠯ ᠠᠭᠤᠯᠠ ᠳᠤᠰᠬᠤᠨ ᠤ ᠬᠠᠶᠢᠷ᠎ᠠ ᠬᠠᠯᠠᠮᠵᠢ ᠶᠢᠨ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠲᠤ᠂ ᠲᠣᠰᠬᠤᠨ ᠤ ᠠᠷᠠᠳ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠬᠰᠠᠨ ᠡᠳᠦᠷ ᠲᠤᠲᠤᠮ ᠤᠨ ᠬᠤᠪᠢ᠂ ᠦᠨᠳᠦᠰᠦᠲᠡᠨ ᠤ ᠪᠦᠯᠬᠦᠮᠳᠡᠯ ᠢ ᠪᠠᠳᠤ ᠴᠤᠭᠴᠠᠯᠠᠭᠰᠠᠨ ᠬᠤᠪᠢ᠂ ᠡᠳᠦᠷ ᠲᠤᠲᠤᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠬᠤᠪᠢ ᠵᠡᠷᠭᠡ ᠪᠠᠷ ᠳᠡᠮᠵᠢᠨ ᠬᠤᠪᠢ ᠬᠤᠷᠠᠮᠳᠤᠭᠤᠯᠵᠤ᠂ ᠬᠤᠷᠠᠮᠳᠤᠭᠤᠯᠤᠭᠰᠠᠨ ᠬᠤᠪᠢ ᠪᠠᠷ ᠢᠶᠠᠨ ᠠᠮᠢᠳᠤᠷᠠᠯ ᠤᠨ ᠡᠳ᠋ ᠪᠠᠷᠠᠭ᠎ᠠ ᠰᠣᠯᠢᠵᠤ ᠪᠣᠯᠣᠨ᠎ᠠ᠃ ᠵᠤᠷᠪᠤᠰ ᠵᠤᠷᠪᠤᠰ ᠲᠦᠷᠢᠮ ᠳᠤᠭᠳᠠᠭᠠᠯ ᠠᠴᠠ ᠡᠨᠡ ᠬᠦ ᠳᠤᠰᠬᠤᠨ ᠤ ᠡᠭᠡᠯ ᠪᠣᠷᠣᠭᠵᠢᠭᠤᠨ᠂ ᠡᠶ᠎ᠡ ᠵᠣᠬᠢᠴᠠᠯ ᠲᠠᠢ᠂ ᠡᠪ ᠪᠦᠯᠬᠦᠮᠳᠡᠯ ᠲᠠᠢ ᠠᠭᠤᠷ ᠠᠮᠢᠰᠬᠤᠯ ᠮᠡᠳᠡᠷᠡᠭᠳᠡᠨ᠎ᠡ᠃     ︽ᠮᠠᠨ ᠤ ᠬᠡᠷ ᠲᠤ ᠭᠤᠷᠪᠠᠨ ᠦᠨᠳᠦᠰᠦᠲᠡᠨ ᠲᠠᠢ ᠰᠢᠦ᠃ ᠪᠢᠳᠡ ᠮᠠᠨᠵᠤ ᠦᠨᠳᠦᠰᠦᠲᠡᠨ᠂ ᠬᠤᠶᠠᠷ ᠬᠦᠦ ᠪᠡᠷᠢ ᠮᠠᠨᠢ ᠳᠤᠰ ᠲᠤᠰ ᠬᠢᠳᠠᠳ ᠦᠨᠳᠦᠰᠦᠳᠡᠨ ᠪᠠ ᠮᠣᠩᠭᠤᠯ ᠦᠨᠳᠦᠰᠦᠲᠡᠨ ᠶᠤᠮ︾᠃ ᠶᠡᠷᠦᠩᠬᠡᠢ ᠱᠦᠵᠢ ᠶᠢᠨ ᠲᠠᠪᠤᠨ ᠵᠢᠯ ᠤᠨ ᠡᠮᠦᠨ᠎ᠡ ᠪᠣᠯᠭᠤᠭᠠᠨ ᠦᠵᠡᠭᠰᠡᠨ ᠵᠠᠩ ᠭᠦᠸᠧ ᠯᠢ ᠨᠠᠰᠤᠲᠠᠨ ᠰᠤᠷᠤᠭᠴᠢᠳ ᠲᠤ ︽ᠤᠯᠠᠨ ᠦᠨᠳᠦᠰᠦᠲᠡᠨ ᠲᠠᠢ ᠭᠡᠷ ᠪᠦᠯᠢ︾ ᠶᠢᠨ ᠡᠳᠦᠷ ᠳᠤᠳᠤᠮ ᠤᠨ ᠠᠮᠢᠳᠤᠷᠠᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠥᠳᠡᠭᠡ ᠲᠣᠰᠬᠤᠨ ᠳᠤ ᠠᠪᠴᠢᠷᠠᠭᠰᠠᠨ ᠰᠢᠨ᠎ᠡ ᠬᠦᠭᠵᠢᠯᠳᠡ ᠬᠤᠪᠢᠷᠠᠯᠲᠠ ᠶᠢᠨ ᠳᠤᠬᠠᠢ ᠤᠷᠮᠠᠳᠠᠶᠢᠬᠠᠨ ᠤᠴᠢᠷᠯᠠᠨ᠎ᠠ᠃ ᠲᠡᠳᠡ ᠨᠠᠰᠤᠳᠠᠨ ᠲᠠᠢ ᠵᠤᠭᠤᠭᠳᠠᠬᠤ ᠳᠤᠮᠳᠠ ᠠᠴᠠ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠠᠯᠠᠮᠵᠢᠯᠠᠵᠤ ᠪᠠᠶᠢᠬᠤ ᠪᠠ ᠬᠦᠳᠡᠭᠡ ᠳᠤᠰᠬᠤᠨ ᠤ ᠠᠷᠠᠳ ᠤᠨ ᠠᠮᠢᠳᠤᠷᠠᠯ ᠡᠳᠦᠷ ᠠᠴᠠ ᠡᠳᠦᠷ ᠴᠢᠨᠡᠬᠡᠯᠢᠭᠵᠢᠨ ᠪᠠᠶᠠᠵᠢᠵᠤ ᠪᠠᠶᠢᠭ᠎ᠠ ᠶᠢ ᠦᠨᠡᠨ ᠬᠦ ᠤᠶᠢᠯᠠᠭᠠᠯ᠎ᠠ᠃     8 ᠰᠠᠷ᠎ᠠ ᠶᠢᠨ 7 ᠤ ᠡᠳᠦᠷ᠂ ᠦᠢᠯᠡᠳᠦᠯᠬᠡ ᠶᠢᠨ ᠪᠦᠯᠬᠦᠮ ᠤᠨ ᠨᠦᠬᠦᠳ ᠯᠢᠨᠰᠢ ᠰᠢᠶᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠠᠵᠤ ᠦᠢᠯᠡᠰ ᠤᠨ ᠬᠥᠭᠵᠢᠯ ᠮᠠᠨᠳᠤᠯ ᠢ ᠣᠶᠢᠯᠠᠭᠠᠪᠠ᠃ ᠱᠡᠭᠡᠷᠳᠤ ᠰᠢᠶᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ ᠣᠶᠤᠨᠲᠤ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠥᠪ ᠪᠣᠯᠣᠨ ᠲᠥᠪᠡᠳ ᠬᠠᠰᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠴᠢᠨᠠᠷ ᠰᠠᠶᠢᠲᠠᠢ᠂ ᠦᠨᠳᠦᠷ ᠲᠦᠪᠰᠢᠨ ᠪᠦᠬᠦᠢ ᠲᠠᠷᠢᠶᠠᠯᠠᠩ ᠤᠨ ᠬᠠᠮᠢᠶᠠᠷᠤᠯᠲᠠ ᠶᠢᠨ ᠬᠡᠪ ᠵᠠᠭᠪᠤᠷ ᠨᠢ ᠰᠤᠷᠤᠭᠴᠢᠳ ᠤᠨ ᠠᠩᠬᠠᠷᠤᠯ ᠢ ᠲᠠᠲᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠴᠢᠳ ᠲᠤ ᠦᠨᠡᠨ ᠬᠦ ᠠᠰᠢᠭ ᠬᠦᠷᠳᠡᠬᠡᠵᠦ ᠪᠠᠶᠢᠭ᠎ᠠ ᠶᠢ ᠤᠶᠢᠯᠠᠭᠠᠯ᠎ᠠ᠃ ᠳ᠋ᠦᠩᠱᠠᠨ ᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ᠂ ᠡᠷᠳᠡᠨᠢ ᠰᠢᠰᠢ ᠶᠢᠨ ᠬᠠᠯᠢᠰᠤ ᠨᠢ ᠥᠪᠡᠷᠮᠢᠴᠡ ᠲᠠᠲᠠᠬᠤ ᠬᠦᠴᠦᠨ ᠲᠠᠢ ᠤᠷᠠᠯᠢᠭ ᠤᠨ ᠪᠦᠲᠦᠭᠡᠯ ᠪᠤᠯᠵᠤ᠂ ᠬᠢᠲᠠᠳ ᠡᠮ ᠢᠶᠠᠷ ᠡᠯ᠎ᠡ ᠵᠦᠢᠯ ᠤᠨ ᠠᠷᠠᠰᠤ ᠬᠠᠮᠠᠭᠠᠯᠠᠬᠤ ᠪᠦᠳᠦᠬᠡᠭᠳᠡᠬᠦᠨ ᠦᠢᠯᠡᠳᠴᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ ᠡᠲᠡᠭᠡᠷ ᠣᠨᠴᠠᠯᠢᠭᠲᠤ ᠲᠠᠸᠠᠷ ᠢ ᠰᠦᠯᠵᠢᠶᠡᠨ ᠳᠡᠭᠡᠷ᠎ᠡ ᠪᠤᠷᠤᠯᠠᠭᠤᠯᠵᠤ ᠪᠠᠶᠢᠯ᠎ᠠ᠃     ︽ᠪᠦᠳᠦᠨ ᠡᠳᠦᠷ ᠤᠨ ᠰᠤᠷᠤᠯᠴᠠᠯᠭ᠎ᠠ ᠪᠠᠷ ᠪᠢᠳᠡ ᠯᠢᠨᠰᠢ ᠰᠢᠶᠠᠨ ᠭᠠᠵᠠᠷ ᠤᠷᠤᠨ ᠤ ᠪᠤᠳᠠᠳᠤ ᠪᠠᠶᠢᠳᠠᠯ ᠳᠠᠭᠠᠨ ᠳᠤᠬᠢᠷᠠᠭᠰᠠᠨ ᠤᠨᠴᠠᠯᠢᠭᠳᠤ ᠠᠵᠤ ᠦᠢᠯᠡᠰ ᠢ ᠬᠦᠭᠵᠢᠬᠦᠯᠵᠦ ᠪᠠᠶᠢᠬᠤ ᠶᠢ ᠤᠯᠵᠤ ᠬᠠᠷᠠᠵᠠᠢ᠃ ᠳᠤᠰᠬᠤᠨ ᠤ ᠠᠷᠠᠳ ᠤᠨ ᠪᠠᠶᠠᠵᠢᠯ ᠤᠨ ᠵᠠᠮ ᠶᠠᠪᠤᠬᠤ ᠳᠤᠳᠤᠮ ᠦᠷᠬᠡᠵᠢᠬᠦ ᠨᠢ ᠯᠠᠪᠳᠠᠢ︾ ᠬᠡᠵᠦ ᠳᠤᠭᠤᠷᠢᠨ ᠦᠵᠡᠭᠰᠡᠨ ᠨᠦᠬᠦᠳ ᠤᠯᠤᠯᠳᠠ ᠲᠦᠷᠦᠭᠳᠡᠯ ᠢᠶᠠᠨ ᠶᠠᠷᠢᠬᠤ ᠶᠢᠨ ᠳᠠᠭᠠᠤ ᠰᠤᠷᠤᠯᠭ᠎ᠠ ᠪᠠᠨ ᠳᠡᠬᠦᠰᠬᠡᠭᠰᠡᠨ ᠤ ᠳᠠᠷᠠᠭ᠎ᠠ ᠬᠦᠳᠡᠭᠡ ᠳᠤᠰᠬᠤᠨ ᠤ ᠠᠵᠤ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠬᠦ ᠵᠤᠷᠢᠭ ᠢᠶᠠᠨ ᠢᠯᠡᠳᠬᠡᠵᠦ ᠪᠠᠶᠢᠯ᠎ᠠ᠃     ᠭᠤᠷᠪᠠᠳᠡᠬᠢ ᠥᠷᠲᠡᠭᠡ᠄ ᠠᠳᠤᠭᠤᠨ ᠤ ᠬᠤᠳᠠ ᠰᠢᠯᠢ ᠶᠢᠨ ᠭᠤᠤᠯ ᠠᠶᠢᠮᠠᠭ     ︽ᠤᠯᠠᠭᠠᠨᠬᠤᠳᠠ︾ ᠠᠴᠠ ︽ᠬᠦᠬᠡᠬᠤᠳᠠ︾ ᠬᠦᠷᠳᠡᠯᠡᠬᠢ ᠵᠤᠨ ᠤ ᠠᠮᠠᠷᠠᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠶᠠᠯᠠᠨ ᠰᠤᠷᠤᠯᠴᠠᠬᠤ ᠦᠢᠯᠡᠳᠦᠯᠬᠡ ᠶᠢᠨ ᠪᠦᠯᠬᠦᠮ ᠤᠨ ᠬᠢᠨ ᠰᠢᠯᠢ ᠶᠢᠨ ᠭᠤᠤᠯ ᠠᠶᠢᠮᠠᠭ ᠲᠤ ᠨᠡᠶᠢᠬᠡᠮ ᠳᠤᠭᠤᠷᠢᠭ᠂ ᠪᠢᠰᠢᠯᠠᠭ ᠤᠨ ᠰᠤᠶᠤᠯ ᠤᠨ ᠠᠵᠤ ᠦᠢᠯᠡᠰ ᠤᠨ ᠬᠦᠷᠢᠶᠡᠯᠡᠩ᠂ ᠰᠢᠯᠢᠩᠬᠤᠲᠠ ᠶᠢᠨ ᠡᠭᠦᠯᠳᠡᠷ ᠤᠨ ᠮᠠᠯ ᠦᠷᠡᠵᠢᠭᠦᠯᠦᠨ ᠪᠤᠶᠢᠵᠢᠭᠤᠯᠬᠤ ᠲᠥᠪ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ᠂ ᠰᠢᠯᠢ ᠶᠢᠨ ᠭᠤᠤᠯ ᠮᠦᠽᠧᠢ ᠵᠡᠷᠬᠡ ᠭᠠᠵᠠᠷ ᠢᠶᠠᠷ ᠬᠦᠨᠵᠡᠬᠡᠶᠢᠷᠡᠨ ᠰᠤᠷᠤᠯᠴᠠᠵᠠᠢ᠃     ︽ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠬᠦᠴᠢᠷ ᠵᠣᠪᠠᠭᠤᠷᠢ ᠶᠢ ᠪᠦᠬᠦ ᠬᠦᠴᠦ ᠪᠠᠷ ᠢᠶᠠᠨ ᠰᠶᠢᠳᠪᠦᠷᠢᠯᠡᠵᠦ ᠦᠭᠬᠦ ᠬᠡᠷᠡᠭᠳᠡᠢ︾᠃ ᠡᠨᠡ ᠪᠤᠯ ᠶᠡᠷᠦᠩᠬᠡᠢ ᠱᠦᠵᠢ ᠰᠢ ᠶᠢᠨ ᠫᠢᠩ ᠤᠨ ᠠᠢ ᠮᠢᠨ ᠨᠡᠶᠢᠭᠡᠮ ᠲᠣᠭᠤᠷᠢᠭ ᠲᠤ ᠠᠵᠢᠯ ᠪᠠᠶᠢᠴᠠᠭᠠᠵᠤ ᠵᠢᠭᠠᠨ ᠵᠢᠯᠤᠭᠤᠳᠬᠤ ᠦᠶ᠎ᠠ ᠶᠢᠨ ᠬᠦᠰᠡᠯ ᠨᠠᠶᠢᠳᠠᠯᠭ᠎ᠠ ᠪᠤᠯᠤᠨ᠎ᠠ᠃ ᠡᠶᠢᠮᠦᠷᠬᠦ ᠰᠢᠯᠢᠩᠬᠤᠲᠠ ᠶᠢᠨ ᠴᠢᠭᠤᠯᠭᠠᠨ ᠵᠡᠭᠡᠯᠢ ᠶᠢᠨ ᠠᠢ ᠮᠢᠨ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠨᠢ ︽ᠭᠡᠷ ᠲᠤᠨᠢ ᠬᠦᠷᠴᠦ ᠦᠢᠯᠡᠴᠢᠯᠡᠬᠦ ᠮᠠᠶ᠋ᠢᠭ︾ ᠤᠨ ᠦᠢᠯᠡᠴᠢᠯᠡᠭᠡ ᠦᠷᠨᠢᠭᠦᠯᠵᠦ᠂ ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠥᠷᠲᠡᠭᠡ ᠨᠢ ᠳᠤᠰᠬᠠᠶᠢᠯᠠᠨ ᠨᠠᠰᠤᠳᠠᠶᠢᠴᠤᠳ ᠢ ᠬᠠᠯᠠᠮᠵᠢᠯᠠᠵᠤ ᠠᠷᠠᠳ ᠲᠦᠮᠡᠨ ᠤ ᠬᠦᠴᠢᠷ ᠵᠦᠳᠡᠬᠦᠷᠢ ᠶᠢ ᠦᠨᠡᠨ ᠬᠦ ᠰᠶᠢᠳᠪᠦᠷᠢᠯᠡᠵᠦ ᠦᠭᠴᠦ ᠪᠠᠶᠢᠳᠠᠭ᠃     ᠪᠦᠯᠬᠦᠮ ᠤᠨ ᠬᠢᠨ ᠰᠢᠯᠢ ᠶᠢᠨ ᠭᠤᠣᠯ ᠤᠨ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠴᠠᠭᠠᠨ ᠢᠳᠡᠭᠡᠨ ᠤ ᠦᠢᠯᠡᠳᠪᠦᠷᠢ ᠶᠢᠨ ᠲᠣᠭᠤᠷᠢᠨ ᠦᠵᠡᠬᠦ ᠬᠤᠩᠭᠢᠯ ᠠᠴᠠ ᠴᠠᠭᠠᠨ ᠢᠳᠡᠭᠡᠨ ᠤ ᠪᠦᠲᠦᠭᠡᠭᠳᠡᠬᠦᠨ ᠢ ᠦᠢᠯᠡᠳᠬᠦ ᠶᠠᠪᠤᠴᠠ ᠵᠢᠴᠢ ᠰᠢᠮ᠎ᠡ ᠲᠡᠵᠢᠭᠡᠯ᠂ ᠥᠪᠡᠷᠮᠢᠴᠡ ᠭᠠᠷ ᠤᠷᠠᠯᠠᠯ ᠢ ᠣᠶᠢᠯᠠᠭᠠᠵᠤ᠂ ︽ᠰᠣᠶᠣᠯ — ᠠᠵᠤ ᠦᠢᠯᠡᠰ — ᠵᠢᠭᠤᠯᠴᠢᠯᠠᠯ︾ ᠢ ᠠᠭᠤᠰᠤᠯᠴᠠᠭᠤᠯᠤᠨ ᠬᠦᠭᠵᠢᠬᠦᠯᠵᠦ ᠪᠠᠶᠢᠬᠤ ᠠᠷᠭ᠎ᠠ ᠵᠠᠮ ᠢ ᠤᠶᠢᠯᠠᠭᠠᠵᠤ᠂ ᠰᠢᠯᠢ ᠶᠢᠨ ᠭᠤᠣᠯ ᠠᠶᠢᠮᠠᠭ ᠤᠷᠤᠨ ᠨᠤᠳᠤᠭ ᠤᠨ ᠤᠨᠴᠠᠯᠢᠭᠳᠤ ᠠᠵᠤ ᠦᠢᠯᠡᠰ ᠢ ᠡᠷᠴᠢᠮᠳᠠᠢ ᠬᠦᠭᠵᠢᠬᠦᠯᠵᠦ ᠪᠠᠶᠢᠭ᠎ᠠ ᠳᠤ ᠪᠠᠭ᠋ᠠᠳᠤᠨ ᠪᠠᠭ᠋ᠠᠷᠬᠠᠯ᠎ᠠ᠃     ᠦᠵᠦᠮᠦᠴᠢᠨ ᠬᠤᠨᠢᠨ ᠮᠢᠬ᠎ᠠ ᠶᠠᠭᠠᠬᠢᠭᠠᠳ ᠲᠡᠶᠢᠮᠦ ᠠᠮᠲᠠᠲᠠᠢ ᠪᠠᠶᠢᠳᠠᠭ ᠪᠣᠶ︖ ᠮᠢᠬᠠᠨ ᠤ ᠬᠤᠨᠢ ᠪᠠᠨ ᠬᠡᠷᠬᠢᠨ ᠦᠰᠭᠡᠨ ᠦᠷᠡᠵᠢᠭᠦᠯᠵᠦ ᠪᠠᠶᠢᠬᠤ ᠪᠤᠯ︖ ᠰᠢᠯᠢᠩᠬᠤᠲᠠ ᠶᠢᠨ ᠡᠭᠦᠯᠳᠡᠷ ᠤᠨ ᠮᠠᠯ ᠦᠷᠡᠵᠢᠭᠦᠯᠦᠨ ᠪᠤᠶᠢᠵᠢᠭᠤᠯᠬᠤ ᠲᠥᠪ ᠲᠤ ᠦᠢᠯᠡᠳᠦᠯᠬᠡ ᠶᠢᠨ ᠪᠦᠯᠬᠦᠮ ᠤᠨ ᠰᠤᠷᠤᠭᠴᠢᠳ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠨᠵᠡᠬᠡᠶᠢᠷᠡᠵᠦ᠂ ︽ᠦᠷᠡᠵᠢᠭᠦᠯᠦᠨ ᠪᠤᠶᠢᠵᠢᠭᠤᠯᠬᠤ ᠲᠥᠪ + ᠥᠷᠭᠡᠳᠬᠡᠨ ᠦᠷᠡᠵᠢᠭᠦᠯᠬᠦ ᠲᠠᠯᠠᠪᠠᠢ + ᠭᠤᠣᠯ ᠰᠦᠷᠦᠭ︾   ᠤᠨ ᠵᠠᠭᠪᠤᠷ ᠪᠦᠬᠦᠢ ᠦᠵᠦᠮᠦᠴᠢᠨ ᠬᠤᠨᠢᠨ ᠤ ᠬᠠᠮᠲᠤᠷᠠᠭᠰᠠᠨ ᠡᠭᠦᠯᠳᠡᠷ ᠪᠤᠶᠢᠵᠢᠭᠤᠯᠬᠤ ᠰᠢᠰᠲ᠋ᠧᠮ ᠢ ᠠᠯᠬᠤᠮ ᠠᠯᠬᠤᠮ ᠢᠶᠠᠷ ᠣᠶᠢᠯᠠᠭᠠᠪᠠ᠃     ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠳᠤ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠡ ᠠᠮᠢᠳᠤᠯᠢᠭ ᠦᠯᠢᠭᠡᠷ ᠢ ᠰᠤᠨᠢᠷᠬᠠᠯ᠎ᠠ᠃     ︽ᠪᠢᠳᠡ ᠰᠢᠯᠢ ᠶᠢᠨ ᠭᠤᠤᠯ ᠠᠶᠢᠮᠠᠭ ᠲᠤ ᠢᠷᠡᠭᠡᠳ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ ᠬᠤᠪᠢ ᠨᠡᠮᠡᠷᠢ ᠶᠢ ᠤᠶᠢᠯᠠᠭᠠᠵᠤ᠂ ᠪᠠᠰᠠ ᠰᠢᠯᠢ ᠶᠢᠨ ᠭᠤᠣᠯ ᠠᠶᠢᠮᠠᠭ ᠤᠨ ᠤᠯᠠᠮᠵᠢᠯᠠᠯᠳᠤ ᠮᠠᠯ ᠠᠵᠤ ᠠᠬᠤᠢ ᠠᠴᠠ ᠤᠳᠤ ᠦᠶ᠎ᠡ ᠶᠢᠨ ᠮᠠᠯ ᠠᠵᠤ ᠠᠬᠤᠢ ᠲᠡᠶᠢᠰᠢ ᠬᠥᠭᠵᠢᠬᠦ ᠶᠠᠪᠤᠴᠠ ᠳᠠᠬᠢ ᠠᠰᠢᠭᠲᠠᠢ ᠰᠦᠪᠡᠭᠴᠢᠯᠡᠯᠲᠡ ᠪᠠ ᠦᠨᠡᠨ ᠪᠣᠳᠠᠲᠠᠢ ᠦᠷ᠎ᠡ ᠠᠰᠢᠭ ᠢ ᠣᠶᠢᠯᠠᠭᠠᠪᠠ︾ ᠬᠡᠵᠦ ᠰᠤᠷᠤᠭᠴᠢ ᠭᠤᠤ ᠢ ᠮᠢᠩ᠂ ᠸᠠᠩ ᠴᠢ ᠰᠢᠨ ᠨᠠᠷ ᠰᠡᠳᠬᠢᠭᠳᠡᠯ ᠢᠶᠠᠨ ᠬᠤᠪᠢᠶᠠᠯᠴᠠᠨ᠎ᠠ᠃     ᠳᠥᠷᠪᠡᠳᠡᠬᠢ ᠥᠷᠲᠡᠭᠡ᠄ ︽ᠠᠷᠤ ᠭᠠᠵᠠᠷ ᠤᠨ ᠵᠢᠶᠠᠩᠨᠠᠨ︾ ᠪᠠᠶᠠᠨᠨᠠᠭᠤᠷ     50 ᠮᠧᠲᠷ ᠤᠷᠳᠤ ᠲᠣᠭᠠᠴᠢᠯᠠᠭᠰᠠᠨ ᠳᠡᠯᠭᠡᠴᠡ ᠳᠡᠭᠡᠷ᠎ᠡ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠴᠠᠭ   ᠲᠤᠬᠠᠢ ᠳᠤᠨᠢ ᠬᠢᠨᠠᠨ ᠡᠵᠡᠮᠳᠡᠬᠦ ᠸᠢᠳᠢᠤ᠋ ᠪᠣᠯᠣᠨ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠪᠦᠷᠢᠳᠬᠡᠨ ᠵᠠᠳᠠᠯᠤᠭᠰᠠᠨ ᠲᠤᠭ᠎ᠠ ᠪᠠᠷᠢᠮᠲᠠ ᠲᠠᠰᠤᠷᠠᠯᠲᠠ ᠦᠭᠡᠢ ᠰᠢᠨᠡᠳᠦᠨ ᠢᠯᠡᠷᠡᠵᠦ᠂ ᠲᠣᠭᠠᠴᠢᠯᠠᠭᠰᠠᠨ ᠬᠡᠷᠡᠮ ᠤᠨ ᠬᠠᠵᠠᠭᠤᠳᠡᠬᠢ ᠡᠯᠡᠰᠦᠨ ᠴᠠᠷᠠᠭ᠎ᠠ ᠠᠴᠠ ᠪᠦᠬᠦ᠋ᠢᠯᠡ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠭᠤᠣᠯ ᠮᠥᠷᠡᠨ ᠤ ᠤᠷᠤᠰᠬᠠᠯ ᠤᠨ ᠱᠤᠭᠤᠮ ᠢᠯᠡ ᠬᠠᠷᠠᠭᠳᠠᠨ᠎ᠠ ᠁     8 ᠰᠠᠷ᠎ᠠ ᠶᠢᠨ 11 ᠤ ᠡᠳᠦᠷ᠂ ᠦᠢᠯᠡᠳᠦᠯᠬᠡ ᠶᠢᠨ ᠪᠦᠯᠬᠦᠮ ᠤᠨ ᠬᠢᠨ ᠪᠠᠶᠠᠨᠨᠠᠭᠤᠷ ᠬᠤᠳᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ ᠬᠦᠷᠴᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠡᠬᠢ ᠪᠠᠶᠠᠯᠢᠭ ᠤᠨ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠠᠰᠢᠭᠯᠠᠯᠲᠠ ᠶᠢ ᠦᠵᠡᠵᠦ ᠤᠶᠢᠯᠠᠭᠠᠯ᠎ᠠ᠃ ︽︿ᠨᠤᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ﹀ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠥᠪᠡᠷ ᠤᠨ ᠬᠦᠴᠦᠨ ᠴᠢᠳᠠᠯ ᠢᠶᠠᠷ ᠢᠶᠠᠨ ᠠᠮᠢ ᠨᠠᠰᠤᠨ ᠤ ᠡᠬᠢ ᠰᠤᠷᠪᠤᠯᠵᠢ ᠶᠢ ᠰᠠᠶᠢᠲᠤᠷ ᠬᠠᠮᠠᠭᠠᠯᠠᠵᠤ ᠪᠠᠶᠢᠭ᠎ᠠ ᠨᠢ ᠨᠡᠬᠡᠷᠡᠨ ᠪᠢᠰᠢᠷᠡᠭᠦᠰᠢᠳᠡᠢ︾ ᠭᠡᠵᠦ ᠦᠢᠯᠡᠳᠦᠯᠭᠡ ᠶᠢᠨ ᠪᠦᠯᠬᠦᠮ ᠤᠨ ᠬᠡᠰᠢᠬᠦᠨ ᠯᠢ ᡁᠢ ᠴᠢᠶᠠᠩ ᠶᠠᠷᠢᠯ᠎ᠠ᠃     ︽ᠪᠤᠰᠢᠭᠤ ᠬᠠᠷᠠᠭᠠᠴᠢ︕ ᠲᠡᠨᠳᠡ ᠨᠢᠭᠡ ᠲᠠᠤᠯᠠᠢ ᠦᠰᠦᠷᠦᠬᠡᠳ ᠭᠠᠷᠤᠯ᠎ᠠ︾ ᠬᠡᠬᠦ ᠰᠤᠷᠤᠭᠴᠢᠳ ᠤᠨ ᠭᠠᠶᠢᠬᠠᠰᠢᠷᠠᠯ ᠤᠨ ᠬᠠᠷᠢᠭᠤ ᠳᠤ ︽ᠠᠳᠡ ᠬᠡᠬᠡᠷ᠎ᠡ ᠶᠢᠨ ᠠᠮᠢᠳᠠᠨ ᠵᠢᠭᠦᠷᠳᠡᠨ ᠮᠠᠰᠢ ᠤᠯᠠᠨ ᠰᠢᠦ᠂ ᠠᠮᠢ ᠠᠬᠤᠢ ᠰᠠᠶᠢᠨ ᠪᠠᠶᠢᠳᠠᠭ ᠢᠶᠠᠷ ᠢᠶᠠᠨ︾ ᠭᠡᠵᠦ ᠤᠢ ᠰᠢᠭᠤᠢ ᠶᠢᠨ ᠠᠵᠢᠯᠳᠠᠨ ᠬᠠᠷᠢᠭᠤᠯᠵᠤ ᠪᠠᠶᠢᠯ᠎ᠠ᠃ ᠦᠢᠯᠡᠳᠦᠯᠬᠡ ᠶᠢᠨ ᠪᠦᠯᠬᠦᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠯᠢᠨ ᠾᠧ ᠲᠣᠭᠤᠷᠢᠭ ᠤᠨ ᠤᠯᠤᠰ ᠤᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠬᠦᠰᠡᠯ ᠨᠠᠶᠢᠳᠠᠯᠭ᠎ᠠ ᠶᠢ ᠤᠶᠢᠯᠠᠭᠠᠵᠤ᠂ ᠣᠶ ᠰᠢᠭᠤᠢ ᠶᠢᠨ ᠲᠠᠯᠠᠪᠠᠶ ᠶᠢᠨ ᠬᠥᠭᠵᠢᠯᠲᠡ ᠶᠢᠨ ᠶᠠᠪᠤᠴᠠ᠂ ᠮᠣᠳᠣ ᠳᠠᠷᠢᠬᠤ ᠪᠠ ᠠᠷᠠᠴᠢᠯᠠᠨ ᠬᠠᠮᠠᠭᠠᠯᠠᠬᠤ ᠮᠡᠷᠭᠡᠵᠢᠯ ᠵᠢᠴᠢ ᠰᠢᠷ᠎ᠠ ᠡᠯᠡᠰᠦ ᠶᠢ ᠨᠤᠭᠤᠭᠠᠨ ᠪᠦᠷᠢᠳᠦ ᠪᠤᠯᠭᠠᠨ ᠬᠤᠪᠢᠷᠠᠭᠤᠯᠤᠭᠰᠠᠨ ᠶᠠᠪᠤᠴᠠ ᠶᠢ ᠤᠶᠢᠯᠠᠭᠠᠵᠠᠢ᠃     ᠰᠤᠷᠤᠭᠴᠢᠳ ᠥᠪᠥᠷ ᠮᠣᠩᠭᠤᠯ ᠤᠨ ᠶᠠᠫᠤᠨ ᠢ ᠡᠰᠡᠷᠭᠦᠴᠡᠬᠦ ᠲᠠᠶᠢᠨ ᠤ ᠳᠤᠷᠠᠰᠬᠠᠯ ᠤᠨ ᠣᠷᠳᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠬᠦ ᠤᠯᠤᠰ ᠤᠨ ᠠᠷᠠᠳ ᠲᠦᠮᠡᠨ ᠲᠠᠢ ᠰᠡᠳᠬᠢᠯ ᠨᠢᠭᠡᠳᠦᠨ ᠶᠠᠫᠤᠨ ᠤ ᠲᠦᠷᠢᠮᠡᠬᠡᠶᠢᠯᠡᠯ ᠢ ᠡᠰᠡᠷᠭᠦᠴᠡᠭᠰᠡᠨ ᠡᠷᠡᠯᠬᠡᠭ ᠪᠠᠭᠠᠲᠤᠷᠯᠢᠭ ᠲᠡᠦᠬᠡ ᠶᠢ ᠣᠶᠢᠯᠠᠭᠠᠪᠠ᠃ ᠴᠡᠷᠢᠭ ᠠᠷᠠᠳ ᠰᠡᠳᠬᠢᠯ ᠨᠢᠬᠡᠳᠦᠨ ᠤᠰᠤ ᠲᠠᠲᠠᠵᠤ ᠳᠠᠶᠢᠰᠤᠨ ᠢ ᠬᠤᠷᠢᠭᠯᠠᠭᠰᠠᠨ ᠂ ᠯᠢᠦ ᠳᠡ ᠺᠤᠸᠠᠨ ᠰᠦᠩ ᠬᠠᠢ ᠴᠤᠤ ᠶᠢ ᠠᠪᠤᠷᠠᠭᠰᠠᠨ ᠁ ᠶᠠᠫᠤᠨ ᠢ ᠡᠰᠡᠷᠭᠦᠴᠡᠭᠰᠡᠨ ᠦᠯᠢᠬᠡᠷ᠂ ᠲᠡᠦᠬᠡ ᠶᠢᠨ ᠭᠡᠷᠡᠯ ᠵᠢᠷᠤᠭ᠂ ᠦᠨᠡᠨ ᠪᠣᠳᠠᠲᠠᠢ ᠦᠵᠡᠭᠦᠯᠭᠡ ᠶᠢᠨ ᠡᠳ᠋ ᠪᠤᠳᠠᠰ ᠨᠢ ᠦᠢ ᠤᠯᠠᠨ ᠦᠷᠡᠭᠳᠡᠭᠰᠡᠨ ᠪᠠᠭᠠᠲᠤᠷᠴᠤᠳ ᠤᠨ ᠠᠷᠢᠭᠤᠨ ᠴᠢᠰᠤ ᠠᠮᠢ ᠨᠠᠰᠤ ᠪᠠᠷ ᠢᠶᠠᠨ ᠤᠯᠤᠰ ᠭᠡᠷ ᠢᠶᠠᠨ ᠬᠠᠮᠠᠭᠠᠯᠠᠭᠰᠠᠨ ᠪᠠᠭᠠᠳᠤᠷᠯᠢᠭ ᠲᠡᠤᠬᠡ ᠶᠢ ᠠᠮᠢᠳᠤᠯᠢᠭ ᠰᠠᠶᠢᠬᠠᠨ ᠢᠯᠡᠷᠡᠬᠦᠯᠦᠨ᠎ᠡ᠃ ︽ᠡᠶᠢᠮᠦ ᠨᠢᠭᠡᠨ ᠠᠮᠢᠳᠤᠯᠢᠭ ᠰᠠᠶᠢᠬᠠᠨ ᠤᠯᠤᠰ ᠢᠶᠠᠨ ᠬᠠᠶᠢᠷᠠᠯᠠᠬᠤ ᠬᠥᠮᠦᠵᠢᠯ ᠠᠴᠠ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠵᠠᠪᠠᠯ ᠢᠯᠠᠬᠤ ᠢᠲᠡᠭᠡᠯ ᠵᠣᠷᠢᠭ᠂ ᠦᠷᠡᠭᠳᠡᠯ ᠰᠦᠢᠳᠦᠯ ᠠᠴᠠ ᠠᠶᠤᠬᠤ ᠦᠭᠡᠢ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠶᠢ ᠭᠦᠨ ᠤᠶᠢᠯᠠᠭᠠᠵᠠᠢ︾ ᠬᠡᠵᠦ ᠰᠤᠷᠤᠭᠴᠢᠳ ᠢᠯᠡᠳᠬᠡᠵᠡᠬᠡᠯ᠎ᠡ᠃     ᠡᠴᠦᠰ ᠤᠨ ᠦᠷᠳᠡᠭᠡ᠄ ᠬᠦᠬᠡᠬᠤᠳᠠ ᠶᠢᠨ ᠬᠦᠭᠵᠢᠯᠳᠡ ᠪᠠᠭ᠋ᠠᠷᠬᠠᠯ     ︽ᠤᠯᠠᠭᠠᠨᠬᠤᠳᠠ︾ ᠠᠴᠠ ︽ᠬᠦᠬᠡᠬᠤᠳᠠ︾ ᠬᠦᠷᠳᠡᠯᠡᠬᠢ ᠵᠤᠨ ᠤ ᠠᠮᠠᠷᠠᠯᠳᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠶᠠᠯᠠᠨ ᠰᠤᠷᠤᠯᠴᠠᠬᠤ ᠦᠢᠯᠡᠳᠦᠯᠬᠡ ᠶᠢᠨ ᠪᠦᠯᠬᠦᠮ ᠤᠨ ᠬᠢᠨ ᠤ ᠡᠴᠦᠰ ᠤᠨ ᠦᠷᠳᠡᠭᠡ ᠪᠤᠯ ᠤᠷᠤᠨ ᠤ ᠲᠦᠪ ᠬᠦᠬᠡᠬᠤᠳᠠ ᠪᠤᠯᠤᠨ᠎ᠠ᠃ ᠳᠡᠳᠡ ᠤᠯᠠᠭᠠᠨᠬᠦᠦ ᠶᠢᠨ ᠳᠤᠷᠠᠰᠬᠠᠯ ᠤᠨ ᠤᠷᠳᠤᠨ᠂ ᠬᠦᠬᠡᠬᠤᠳᠠ ᠶᠢᠨ ᠬᠤᠳᠠ ᠶᠢᠨ ᠦᠵᠡᠬᠦᠯᠬᠡ ᠶᠢᠨ ᠲᠦᠪ᠂ ᠢᠯᠢ ᠡᠷᠡᠬᠦᠯ ᠮᠡᠨᠳᠤ ᠶᠢᠨ ᠬᠦᠨᠳᠡᠢ ᠵᠡᠷᠬᠡ ᠭᠠᠵᠠᠷ ᠢᠶᠠᠷ ᠬᠦᠷᠴᠤ ᠰᠤᠷᠤᠯᠴᠠᠯ᠎ᠠ᠃     ︽ᠰᠢᠨ᠎ᠡ ᠶᠢ ᠡᠭᠦᠳᠬᠦ ᠦᠭᠡᠢ ᠪᠣᠯ ᠢᠷᠡᠭᠡᠳᠦᠢ ᠶᠢᠨ ᠬᠦᠭᠵᠢᠯᠳᠡ ᠪᠠᠶᠢᠬᠤ ᠦᠭᠡᠢ︾᠃ ᠬᠡᠳᠦᠨ ᠵᠠᠭᠤᠨ ᠰᠠᠤᠷᠢ ᠪᠦᠷᠢᠨ ᠠᠦ᠋ᠲ᠋ᠣ᠋ ᠣᠶᠤᠨᠲᠤ ᠮᠠᠰᠢᠨ ᠢ ᠵᠡᠷᠭᠡᠪᠡᠷ ᠠᠵᠢᠯᠯᠠᠭᠤᠯᠵᠤ᠂ ᠳᠥᠷᠪᠡᠨ ᠲᠦᠮᠡᠨ ᠬᠠᠶᠢᠷᠴᠠᠭ ᠦᠨᠢᠶᠡᠨ ᠰᠦ ᠶᠢ ᠨᠢᠭᠡ ᠴᠠᠭ ᠤᠨ ᠳᠣᠲᠣᠷ᠎ᠠ ᠦᠢᠯᠡᠳᠪᠦᠷᠢ ᠠᠴᠠ ᠭᠠᠷᠭᠠᠴᠢᠬᠠᠪᠠ᠃ 8 ᠰᠠᠷ᠎ᠠ ᠶᠢᠨ 13 ᠤ ᠡᠳᠦᠷ᠂ ᠦᠢᠯᠡᠳᠦᠯᠬᠡ ᠶᠢᠨ ᠪᠦᠯᠬᠦᠮ ᠤᠨ ᠬᠢᠨ ᠬᠥᠬᠡᠬᠤᠲᠠ ᠶᠢᠨ ᠢᠯᠢ ᠡᠷᠡᠭᠦᠯ ᠮᠡᠨᠳᠦ ᠶᠢᠨ ᠬᠥᠨᠳᠡᠢ ᠳᠤ ᠬᠦᠷᠴᠦ᠂ ᠣᠶᠤᠨᠳᠤ ᠬᠢᠨᠠᠨ ᠬᠡᠮᠵᠢᠯᠲᠡ ᠶᠢᠨ ᠲᠥᠪ ᠤᠨ ᠲᠤᠮᠤ ᠳᠡᠯᠭᠡᠴᠡ ᠠᠴᠠ ᠰᠦ ᠰᠠᠭᠠᠬᠤ ᠠᠴᠠ ᠡᠳ᠋ᠰᠢᠭᠦᠯᠬᠦ᠂ ᠰᠠᠪᠠᠯᠠᠬᠤ ᠠᠴᠠ ᠰᠢᠯᠭᠠᠨ ᠪᠠᠶᠢᠴᠠᠭᠠᠬᠤ᠂ ᠪᠣᠭᠤᠳᠠᠯᠯᠠᠬᠤ ᠠᠴᠠ ᠵᠥᠭᠡᠭᠡᠪᠦᠷᠢᠯᠡᠬᠦ ᠬᠦᠷᠲᠡᠯᠡᠬᠢ ᠪᠦᠬᠦ ᠶᠠᠪᠤᠴᠠ ᠶᠢ ᠦᠵᠡᠵᠦ ᠤᠶᠢᠯᠠᠭᠠᠪᠠ᠃ ︽ᠮᠧᠬᠠᠨᠢᠭ ᠭᠠᠷ ᠨᠢᠭᠡᠪᠦᠷᠢ ᠨᠢ 60 ᠠᠵᠢᠯᠴᠢᠨ ᠤ ᠠᠵᠢᠯ ᠤᠨ ᠬᠡᠮᠵᠢᠶ᠎ᠡ ᠲᠠᠢ ᠲᠡᠩᠴᠡᠵᠦ᠂ ᠣᠶᠤᠨᠴᠢᠯᠠᠭᠰᠠᠨ᠂ ᠲᠣᠭᠠᠴᠢᠯᠠᠭᠰᠠᠨ ᠦᠢᠯᠡᠳᠪᠦᠷᠢᠯᠡᠯ ᠠᠴᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠴᠢᠬᠤᠯᠠ ᠴᠢᠨᠠᠷ ᠢ ᠮᠡᠳᠡᠷᠡᠯ᠎ᠡ᠃ ᠪᠢᠳᠡ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠪᠦᠯᠬᠦᠮ ᠤᠨ ᠬᠡᠰᠢᠬᠦᠨ ᠪᠠᠢ ᠵᠢᠶᠠ ᠯᠤ᠋ ᠶᠠᠷᠢᠨ᠎ᠠ᠃     ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ᠂ ᠳᠡᠯᠬᠡᠨ ᠦᠵᠡᠬᠦᠯᠵᠦ ᠪᠠᠶᠢᠭ᠎ᠠ ᠬᠠᠭᠤᠴᠢ ᠡᠳ᠋ᠯᠡᠯ ᠪᠠ ᠬᠤᠪᠣᠷ ᠨᠠᠨᠳᠢᠨ ᠭᠡᠷᠡᠯ ᠵᠢᠷᠤᠭ ᠠᠴᠠ ᠤᠯᠠᠭᠠᠨᠬᠦᠦ ᠶᠢᠨ ᠭᠡᠷᠡᠯ ᠰᠠᠴᠤᠷᠠᠩᠭᠤᠢ ᠨᠢᠭᠡ ᠨᠠᠰᠤ ᠪᠠ ᠳᠤᠮᠳᠠᠳᠤ ᠤᠯᠤᠰ ᠤᠨ ᠬᠤᠪᠢᠰᠬᠠᠯ ᠤᠨ ᠦᠢᠯᠡᠰ ᠲᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠶᠢ ᠬᠦᠨᠵᠡᠬᠡᠢ ᠤᠶᠢᠯᠠᠭᠠᠪᠠ᠃ ᠤᠯᠠᠭᠠᠨᠬᠦᠦ ᠨᠥᠬᠦᠷ ᠤᠨ ᠬᠤᠪᠢᠰᠬᠠᠯ ᠤᠨ ᠤᠭ ᠰᠠᠨᠠᠭ᠎ᠠ᠂ ᠴᠢᠯᠦᠭᠡᠯᠡᠯᠲᠡ ᠶᠢᠨ ᠦᠢᠯᠡᠰ ᠤᠨ ᠲᠥᠯᠥᠭᠡ ᠦᠨᠡᠨᠴᠢ ᠰᠢᠳᠤᠷᠭᠤ ᠲᠡᠮᠡᠴᠡᠭᠰᠡᠨ᠂ ᠰᠢᠨ᠎ᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠵᠡᠷᠬᠡ ᠨᠢ ᠰᠤᠷᠤᠭᠴᠢᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠨᠡᠶᠢᠬᠡᠮ ᠨᠡᠶᠢᠳᠡ ᠳᠤ ᠬᠦᠴᠦᠨ ᠴᠢᠳᠠᠯ ᠢᠶᠠᠨ ᠡᠷᠭᠦᠬᠦ ᠶᠢᠨ ᠵᠤᠷᠢᠭᠵᠢᠭᠤᠯᠤᠯ ᠪᠤᠯᠵᠤ ᠪᠠᠶᠢᠯ᠎ᠠ᠃     ᠬᠥᠬᠡᠬᠤᠲᠠ ᠶᠢᠨ ᠬᠤᠳᠠ ᠶᠢᠨ ᠦᠵᠡᠭᠦᠯᠭᠡ ᠶᠢᠨ ᠲᠥᠪ ᠤᠨ ᠡᠬᠢᠯᠡᠯ ᠤᠨ ᠲᠢᠩᠬᠢᠮ ᠳᠤ ᠠᠯᠬᠤᠨ ᠤᠷᠤᠪᠠᠯ ᠠᠭᠤᠯᠠ ᠤᠰᠤ ᠨᠢ ᠨᠤᠮᠢᠨ ᠨᠤᠭᠤᠭᠠᠨ᠂ ᠬᠦᠮᠦᠨ ᠠᠷᠠᠳ ᠨᠢ ᠡᠶ᠎ᠡ ᠨᠠᠶᠢᠷᠰᠠᠭ᠂ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠵᠤ ᠪᠠᠶᠢᠭ᠎ᠠ ᠰᠠᠶᠢᠨ ᠰᠠᠶᠢᠬᠠᠨ ᠪᠠᠶᠢᠳᠠᠯ ᠨᠢᠳᠦᠨ ᠳᠤ ᠢᠯᠡᠬᠡᠨ ᠲᠤᠰᠤᠨ᠎ᠠ᠃ ᠲᠡᠳᠡ ᠦᠵᠡᠭᠦᠯᠭᠡ ᠶᠢᠨ ᠲᠢᠩᠬᠢᠮ ᠠᠴᠠ ᠤᠮᠠᠷᠠᠲᠤ ᠬᠢᠯᠢ ᠶᠢᠨ ᠰᠣᠶᠣᠯ ᠤᠨ ᠲᠡᠦᠬᠡ ᠶᠢᠨ ᠠᠭᠤᠯᠬᠤᠨ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠬᠤᠪᠢᠷᠠᠯᠳᠠ᠂ ᠪᠣᠬᠢᠷᠲᠤᠯ ᠦᠭᠡᠢ ᠬᠥᠭᠵᠢᠯᠲᠡ᠂  ᠠᠵᠤ ᠦᠢᠯᠡᠰ ᠤᠨ ᠬᠥᠭᠵᠢᠯᠳᠡ ᠶᠢ ᠪᠠᠭ᠋ᠠᠷᠬᠠᠨ ᠰᠤᠷᠤᠯᠴᠠᠪᠠ᠃     ︽ᠬᠥᠬᠡᠬᠤᠲᠠ ᠳᠠᠬᠢ ᠰᠤᠷᠤᠯᠴᠠᠯᠭ᠎ᠠ ᠦᠢᠯᠡᠳᠦᠯᠭᠡ ᠠᠴᠠ ᠪᠢᠳᠡ ᠬᠥᠬᠡᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠤᠳᠠ ᠶᠢᠨ ᠪᠦᠳᠦᠭᠡᠨ ᠪᠠᠶᠢᠭᠤᠯᠤᠯᠳᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠵᠡᠷᠭᠡ ᠲᠠᠯ᠎ᠠ ᠶᠢ ᠬᠦᠨᠵᠡᠭᠡᠢ ᠤᠶᠢᠯᠠᠭᠠᠵᠠᠢ᠃ ᠪᠢᠳᠡ ᠬᠤᠪᠢ ᠬᠦᠮᠦᠨ ᠤ ᠬᠦᠭᠵᠢᠯᠳᠡ ᠪᠠᠨ ᠥᠪᠡᠷᠲᠡᠭᠡᠨ ᠵᠠᠰᠠᠬᠤ ᠣᠷᠣᠨ ᠤ ᠬᠦᠭᠵᠢᠯᠳᠡ ᠲᠠᠢ ᠨᠢᠭᠳᠠ ᠤᠶᠠᠯᠳᠤᠭᠤᠯᠵᠤ᠂ ᠤᠮᠠᠷᠠᠳᠤ ᠬᠢᠯᠢ ᠶᠢᠨ ᠪᠦᠳᠦᠬᠡᠨ ᠪᠠᠶᠢᠭᠤᠯᠤᠯᠳᠠ ᠳᠤ ᠦᠪᠡᠷ ᠤᠨ ᠬᠦᠴᠦᠨ ᠴᠢᠳᠠᠯ ᠢᠶᠠᠨ ᠡᠷᠬᠦᠨ᠎ᠠ︾ ᠭᠡᠵᠦ ᠰᠤᠷᠤᠭᠴᠢ ᠤᠷᠠᠨ᠎ᠠ ᠶᠠᠷᠢᠨ᠎ᠠ᠃     ᠵᠤᠨ ᠤ ᠠᠮᠠᠷᠠᠯᠳᠠ ᠶᠢᠨ ᠬᠠᠭᠠᠰ ᠰᠠᠷ᠎ᠠ ᠶᠢᠨ ᠠᠶᠠᠯᠠᠨ ᠰᠤᠷᠤᠯᠴᠠᠬᠤ ᠠᠵᠢᠯᠯᠠᠭ᠎ᠠ ᠳᠤ ᠪᠦᠯᠬᠦᠮ ᠤᠨ ᠵᠠᠯᠠᠭᠤᠴᠤᠳ ᠮᠠᠨᠢ ᠶᠡᠷᠦᠩᠬᠡᠢ ᠱᠦᠵᠢ ᠰᠢ ᠶᠢᠨ ᠫᠢᠩ ᠤᠨ ᠤᠯᠠ ᠮᠦᠷ ᠢᠶᠠᠷ ᠬᠦᠳᠡᠭᠡ ᠳᠤᠰᠬᠤᠨ᠂ ᠨᠡᠶᠢᠬᠡᠮ ᠳᠤᠭᠤᠷᠢᠭ᠂ ᠠᠵᠤ ᠠᠬᠤᠶᠢᠯᠠᠯ ᠳᠤ ᠬᠦᠨᠵᠡᠬᠡᠶᠢᠷᠡᠨ᠂ ︽ᠬᠤᠪᠢᠰᠬᠠᠯᠲᠤ ᠥᠪᠥᠷ ᠮᠣᠩᠭᠤᠯ︾᠂ ︽ᠠᠮᠢ ᠠᠬᠤᠢ ᠶᠢᠨ ᠥᠪᠥᠷ ᠮᠣᠩᠭᠤᠯ︾᠂ ︽ᠠᠵᠤ ᠦᠢᠯᠡᠰ ᠤᠨ ᠥᠪᠥᠷ ᠮᠣᠩᠭᠤᠯ︾᠂ ︽ᠠᠮᠤᠷ ᠲᠦᠪᠰᠢᠨ ᠥᠪᠥᠷ ᠮᠣᠩᠭᠤᠯ︾᠂ ︽ᠪᠦᠯᠬᠦᠮᠳᠡᠯ ᠨᠢᠭᠡᠳᠦᠭᠰᠡᠨ ᠥᠪᠥᠷ ᠮᠣᠩᠭᠤᠯ︾   ᠤᠨ ᠪᠤᠳᠠᠳᠤ ᠦᠢᠯᠡᠳᠦᠯᠬᠡ ᠠᠴᠠ ᠰᠤᠷᠤᠯᠴᠠᠵᠤ᠂ ᠦᠪᠦᠷ ᠮᠤᠩᠭᠤᠯ ᠤᠨ ᠳᠡᠦᠬᠡ ᠰᠤᠶᠤᠯ᠂ ᠬᠦᠳᠡᠭᠡ ᠳᠤᠰᠬᠤᠨ ᠤ ᠬᠦᠭᠵᠢᠯᠳᠡ ᠬᠤᠪᠢᠷᠠᠯᠳᠠ᠂ ᠠᠵᠤ ᠦᠢᠯᠡᠰ ᠤᠨ ᠦᠷᠨᠢᠯ ᠬᠦᠭᠵᠢᠯ ᠢ ᠨᠢᠳᠤ ᠪᠠᠷ ᠢᠶᠠᠨ ᠦᠵᠡᠵᠦ ᠰᠡᠳᠬᠢᠯ ᠢᠶᠠᠷ ᠢᠶᠠᠨ ᠮᠡᠳᠡᠷᠡᠵᠦ᠂ ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠳᠠᠩᠬᠢᠮ ᠢᠶᠠᠷ ᠮᠡᠳᠡᠯᠬᠡ ᠪᠠᠨ ᠨᠡᠮᠡᠭᠳᠡᠬᠦᠯᠵᠦ᠂ ᠬᠠᠷᠠᠴᠠ ᠪᠠᠨ ᠦᠷᠬᠡᠳᠬᠡᠵᠦ ᠶᠠᠪᠤᠯ᠎ᠠ᠃  ᠲᠤᠰ ᠡᠬᠡ ᠪᠢᠴᠢᠭ ᠢ  ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号