ᠬᠤᠳᠠ ᠶᠢᠨ ᠲᠡᠳ᠋ ᠲᠠᠷᠤᠭ᠎ᠠ ᠯᠢᠤ ᠬᠤᠩ ᠪᠦᠸᠧ ᠶᠢᠨ 2024 ᠤᠨ ᠤ 1 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/9/25
   1 ᠰᠠᠷ᠎ᠠ ᠶᠢᠨ 3 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠪᠦᠬᠦ ᠬᠤᠲᠠ ᠶᠢᠨ ᠺᠠᠳ᠋ᠷ ᠢ ᠲᠠᠨᠢᠯᠴᠠᠭᠤᠯᠬᠤ ᠶᠡᠭᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ᠂ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃    1 ᠰᠠᠷ᠎ᠠ ᠶᠢᠨ 4 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠬᠤᠷᠠᠯ ᠳᠤ ᠣᠷᠣᠯᠴᠠᠪᠠ᠃ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 1 ᠳ᠋ᠤᠭᠡᠷ ᠰᠠᠷ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃    1 ᠰᠠᠷ᠎ᠠ ᠶᠢᠨ 7 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠴᠧᠨ ᠬᠤᠩ ᠪᠦᠸᠧ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠡᠭᠡ ᠲᠢᠩᠬᠢᠮ᠂ ᠱᠧᠩᠯᠢ ᠲᠣᠮᠢᠯᠠᠭᠰᠠᠨ ᠰᠠᠯᠪᠤᠷᠢ ᠶᠢᠨ ᠬᠠᠮᠢᠶ᠎ᠠ ᠪᠦᠬᠦᠢ ᠬᠦᠮᠤᠰ ᠲᠤ ᠪᠠᠷ᠎ᠠ ᠪᠣᠯᠵᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃    1 ᠰᠠᠷ᠎ᠠ ᠶᠢᠨ 9 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    1 ᠰᠠᠷ᠎ᠠ ᠶᠢᠨ 10 ᠤ ᠡᠳᠦᠷ᠂ ᠵᠠᠰᠠᠭ ᠤᠨ ᠣᠷᠳᠣᠨ ᠤ  ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠲᠦᠷᠪᠡᠳᠡᠬᠢ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠶᠢ ᠡᠷᠬᠢᠯᠡᠵᠦ᠂ ︽ᠬᠠᠮᠤᠭ ᠤᠨ ᠭᠤᠶᠣ ᠠᠷᠠᠳ ᠤᠨ ᠴᠠᠭᠳᠠᠭ᠎ᠠ ︾᠂ ︽ᠬᠠᠮᠤᠭ ᠤᠨ ᠭᠤᠶᠣ ᠠᠯᠪᠠᠨ ᠵᠢᠷᠤᠮ ᠤᠨ ᠴᠠᠭᠳᠠᠭ᠎ᠠ︾᠂ ︽ᠬᠠᠮᠤᠭ ᠤᠨ ᠭᠤᠶᠣ ᠴᠠᠭᠳᠠᠭᠠᠨ ᠤ ᠭᠡᠷ ᠪᠦᠯᠢ︾ ᠶᠢᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ ᠦᠳᠡ ᠶᠢᠨ ᠬᠤᠶᠢᠨ᠎ᠠ ᠨᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠪᠠᠶᠢᠩᠭᠤ ᠶᠢᠨ ᠲᠢᠩᠬᠢᠮ ᠤᠨ ᠲᠡᠳ᠋ ᠳᠠᠷᠤᠭ᠎ᠠ ᠯᠢᠦ ᠬᠤᠩ ᠳᠤ ᠪᠠᠷ᠎ᠠ ᠪᠣᠯᠵᠤ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠢ ᠬᠦᠯᠢᠶᠡᠨ ᠠᠪᠤᠪᠠ᠃    1 ᠰᠠᠷ᠎ᠠ ᠶᠢᠨ 11 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠤᠰᠬᠠᠢ ᠰᠡᠳᠤᠪᠳᠤ ᠠᠵᠢᠯ ᠤᠨ ᠬᠤᠷᠠᠯ ᠳᠤ ᠣᠷᠣᠯᠴᠠᠵᠤ᠂ ᠪᠦᠬᠦ ᠵᠢᠯ ᠤᠨ ᠵᠠᠬᠢᠳᠠᠯ ᠰᠤᠷᠪᠤᠯᠵᠢᠯᠠᠯ  ᠤᠨ ᠶᠡᠷᠦᠩᠬᠡᠢ ᠠᠵᠢᠯ ᠢ ᠰᠤᠳᠤᠯᠤᠨ ᠪᠠᠶᠢᠷᠢᠯᠠᠭᠤᠯᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠵᠠᠬᠢᠳᠠᠯ ᠰᠤᠷᠪᠤᠯᠵᠢᠯᠠᠯ ᠤᠨ  ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠤᠷᠢᠳᠴᠢᠯᠠᠨ ᠲᠥᠯᠥᠪᠯᠡᠪᠡ᠃    1 ᠰᠠᠷ᠎ᠠ ᠶᠢᠨ 12 ᠤᠨ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2024 ᠣᠨ ᠤ ︽ᠭᠤᠷᠪᠠᠨ ᠨᠠᠷᠢᠨ ᠳᠠᠩᠰᠠ︾ ᠶᠢᠨ ᠲᠥᠯᠥᠪᠵᠢᠭᠦᠯᠭᠡ ᠶᠢᠨ ᠬᠤᠷᠠᠯ ᠵᠢᠴᠢ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠵᠠᠭᠪᠤᠷ ᠤᠨ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠠᠢ᠃ ᠪᠠᠰᠠ ᠳᠣᠲᠣᠭᠠᠳᠤ ᠶᠢ ᠬᠠᠮᠠᠭᠠᠯᠠᠬᠤ ᠶᠠᠮᠤᠨ ᠤ ︽ᠬᠠᠩᠵᠧᠦ ᠶᠢᠨ ᠬᠤᠷᠠᠯ︾᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠪᠤᠭᠤᠲᠤ ᠶᠢᠨ ᠬᠤᠷᠠᠯ︾ ᠤᠨ ᠵᠣᠷᠢᠭ ᠰᠠᠨᠠᠭ᠎ᠠ ᠶᠢ ᠨᠠᠷᠢᠨ ᠲᠠᠶᠢᠯᠪᠤᠷᠢᠯᠠᠵᠤ᠂ ᠪᠦᠬᠦ ᠲᠠᠯ᠎ᠠ ᠶᠢᠨ ︽ᠲᠤᠰᠬᠠᠢ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠵᠠᠭᠪᠤᠷ ᠢ ᠰᠤᠳᠤᠯᠤᠨ ᠪᠠᠶᠢᠷᠢᠯᠠᠭᠤᠯᠪᠠ᠃    1 ᠰᠠᠷ᠎ᠠ ᠶᠢᠨ 16 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠤ ᠣᠷᠣᠯᠴᠠᠪᠠ᠃    1 ᠰᠠᠷ᠎ᠠ ᠶᠢᠨ 17 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠲᠥᠪ ᠲᠧᠯᠸᠢᠰ ᠤᠨ ᠥᠨᠥᠳᠦᠷ ᠤᠨ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠯ ᠢ ᠬᠦᠯᠢᠶᠡᠨ ᠠᠪᠴᠤ᠂ ︽7 · 22 ᠶᠠᠮᠤᠨ ᠤ ᠣᠨᠴᠠ ᠶᠡᠭᠡ ᠬᠠᠭᠤᠷᠮᠠᠭ ᠪᠠᠷᠢᠮᠲᠠ ᠭᠠᠷᠭᠠᠭᠰᠠᠨ ᠬᠡᠷᠡᠭ︾ ᠢ ᠲᠠᠩᠨᠠᠨ ᠰᠢᠢᠳᠪᠦᠷᠢᠯᠡᠭᠰᠡᠨ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠤᠬᠠᠭᠤᠯᠪᠠ᠃     1 ᠰᠠᠷ᠎ᠠ ᠶᠢᠨ 22 ᠤᠨ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠶᠢᠨ ᠯᠦ ᠲᠡᠭᠡᠭᠡᠪᠦᠷᠢ ᠶᠢᠨ ᠦᠢᠯᠡᠰ᠂ ᠴᠧᠩ ᠷᠠᠨ ᠰᠢᠩᠭᠡᠨᠵᠢᠮᠡᠯ ᠬᠡᠢ᠂ ᠠᠨ ᠰᠢᠩ ᠠᠷᠠᠳ ᠤᠨ ᠬᠡᠷᠡᠭᠯᠡᠭᠡᠨ ᠤ ᠳᠡᠯᠪᠡᠷᠡᠬᠦ ᠪᠤᠳᠠᠰ ᠤᠨ ᠡᠵᠡᠩᠨᠡᠯᠳᠡ ᠵᠡᠷᠭᠡ ᠠᠵᠤ ᠠᠬᠤᠶᠢᠯᠠᠯ ᠢᠶᠠᠷ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃    1 ᠰᠠᠷ᠎ᠠ ᠶᠢᠨ 23 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠦᠸᠧ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠤ ᠣᠷᠣᠯᠴᠠᠪᠠ᠃     1 ᠰᠠᠷ᠎ᠠ ᠶᠢᠨ 25 ᠤ ᠡᠳᠦᠷ᠂ ᠤᠯᠠᠭᠠᠨᠬᠤᠲᠠ ᠶᠢᠨ ᠱᠧᠩᠯᠢ ᠪᠠᠭ᠎ᠠ ᠲᠣᠭᠤᠷᠢᠭ ᠲᠤ ᠭᠠᠯ ᠤᠨ ᠠᠶᠤᠯ ᠤᠨ  ᠡ᠊ᠨᠳᠡᠯ ᠭᠠᠷᠴᠤ᠂ 3 ᠬᠥᠮᠦᠨ ᠡ᠊ᠨᠳᠡᠵᠤ᠂ 1 ᠬᠥᠮᠦᠨ ᠰᠢᠷᠬᠠᠲᠤᠪᠠ᠃ 25 ᠤ ᠡᠳᠦᠷ ᠠᠴᠠ 28 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠱᠧᠩᠯᠢ ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠨ ᠵᠢᠯᠣᠭᠤᠳᠬᠤ ᠲᠠᠰᠤᠭ ᠲᠤ ᠰᠢᠷᠬᠠᠲᠤᠭᠰᠠᠳ ᠢ ᠠᠪᠤᠷᠠᠨ ᠵᠠᠰᠠᠬᠤ᠂ ᠭᠠᠯ ᠤᠨ ᠠᠶᠤᠯ ᠤᠨ ᠡ᠊ᠨᠳᠡᠯ ᠤᠨ ᠲᠤᠬᠠᠶ ᠶᠢᠨ ᠲᠠᠯᠠᠪᠠᠶ ᠶᠢ ᠬᠠᠮᠠᠭᠠᠯᠠᠬᠤ᠂ ᠪᠠᠷ᠎ᠠ ᠪᠣᠯᠵᠣ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠡᠯᠳᠡᠰ ᠤᠨ ᠲᠤᠰᠬᠠᠶ ᠮᠡᠷᠭᠡᠵᠢᠯᠲᠡᠳ ᠤᠨ ᠲᠤᠬᠠᠶ ᠶᠢᠨ ᠲᠠᠯᠠᠪᠠᠶ ᠶᠢ ᠬᠠᠶᠢᠨ ᠰᠢᠯᠭᠠᠬᠤ᠂ ᠬᠡᠷᠡᠭ ᠢ ᠲᠠᠩᠨᠠᠨ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠡᠵᠡᠮᠳᠡᠬᠦ᠂ ᠬᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠤ᠂ ᠡ᠊ᠨᠳᠡᠯ ᠢ ᠰᠢᠢᠳᠪᠦᠷᠢᠯᠡᠬᠦ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠡᠶᠢᠮᠤᠷᠬᠦ  ᠬᠡᠷᠡᠭ ᠲᠠᠬᠢᠨᠳᠠ ᠭᠠᠷᠬᠤ ᠶᠢ ᠡᠷᠡᠰ ᠬᠤᠷᠢᠭᠯᠠᠵᠠᠢ᠃    1 ᠰᠠᠷ᠎ᠠ ᠶᠢᠨ 30 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠭᠡᠭᠡᠨᠰᠦ᠋ᠮ᠎ᠡ ᠪᠠᠯᠭᠠᠰᠤᠨ ᠤ ᠪᠠᠶ ᠯᠦᠩ ᠵᠢᠦᠢ ᠠᠳᠤᠭᠤᠨ ᠦᠢᠯᠡᠰ᠂ ᠭᠡᠭᠡᠨᠰᠦ᠋ᠮ᠎ᠡ ᠪᠠᠯᠭᠠᠰᠤ ᠪᠠᠷ ᠬᠦᠷᠴᠦ ᠭᠠᠯ ᠰᠡᠷᠭᠡᠶᠢᠯᠡᠵᠤ ᠤᠨᠲᠠᠷᠠᠭᠠᠬᠤ ᠠᠶᠤᠯᠭᠦᠶ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠲᠠᠷᠠᠭ᠎ᠠ ᠨᠢ᠂ ᠴᠠᠭᠠᠨ ᠰᠠᠷ᠎ᠠ ᠶᠢᠨ   ᠬᠤᠭᠤᠴᠠᠭᠠᠨ ᠳᠠᠬᠢ ᠲᠤᠬᠤᠨᠢᠭᠤᠯᠭ᠎ᠠ ᠬᠢᠵᠤ᠂ ᠠᠬᠠᠮᠠᠳ ᠨᠠᠮ ᠤᠨ ᠭᠡᠰᠢᠭᠦᠨ᠂ ᠬᠠᠪᠰᠤᠷᠤᠨ ᠲᠡᠳᠬᠦᠬᠦ ᠡᠷᠦᠬᠡ ᠪᠠᠷ ᠭᠦᠨᠵᠡᠭᠡᠶᠢᠷᠡᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠲᠡᠳᠡᠨᠡᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃    1 ᠰᠠᠷ᠎ᠠ ᠶᠢᠨ 31 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2023 ᠤᠨ ᠤ  ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠤᠯᠢ ᠳᠦᠷᠢᠮ ᠤᠨ ᠬᠢᠨᠠᠯᠲᠠ ᠲᠠᠯᠪᠢᠭᠴᠢ ᠶᠢᠨ ᠵᠡᠪᠰᠡᠭ ᠤᠨ ᠮᠥᠷᠦ᠋ᠢᠴᠡᠭᠡᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠵᠤ᠂ ᠡᠩ ᠤᠨ ᠦᠶ᠎ᠡ ᠶᠢᠨ ᠢᠯᠡᠷᠡᠯ ᠲᠣᠪᠤᠶᠢᠮ᠎ᠠ᠂ ᠡᠷᠳᠡᠮ ᠮᠥᠷᠦ᠋ᠢᠴᠡᠭᠡᠨ ᠳᠤ ᠰᠢᠯᠢᠳᠡᠭ ᠰᠠᠶᠢᠨ ᠬᠠᠤᠯᠢ ᠳᠦᠷᠢᠮ ᠤᠨ ᠠᠵᠢᠯᠲᠠᠨ ᠳᠤ ᠦᠨᠡᠮᠯᠡᠯ ᠣᠯᠭᠤᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号