ᠬᠤᠳᠠ ᠶᠢᠨ ᠲᠡᠳ᠋ ᠲᠠᠷᠤᠭ᠎ᠠ ᠯᠢᠤ ᠬᠤᠩ ᠪᠦᠸᠧ ᠶᠢᠨ 2024 ᠤᠨ ᠤ 2 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/9/25
   2 ᠰᠠᠷ᠎ᠠ ᠶᠢᠨ 1 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠨᠠᠮ ᠤᠨ ᠬᠤᠷᠢᠶᠠᠨ ᠤ ᠱᠦᠵᠢ ᠨᠠᠷ ᠤᠨ ᠲᠤᠰᠬᠠᠶ ᠰᠡᠳᠦᠪᠲᠦ ᠬᠤᠷᠠᠯ ᠳᠤ ᠣᠷᠣᠯᠴᠠᠵᠤ᠂ ︽ᠶᠢᠰᠦᠨ ᠪᠠᠭ᠎ᠠ ᠲᠠᠯᠠᠪᠤᠷ︾ ᠤᠨ ᠭᠠᠯ  ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃    2 ᠰᠠᠷ᠎ᠠ ᠶᠢᠨ 6 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2024 ᠣᠨ ᠤ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠶᠢᠨ ᠬᠤᠷᠠᠯ ᠳᠤ ᠣᠷᠣᠯᠴᠠᠵᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠲᠥᠯᠥᠭᠡᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠨᠡᠶᠢᠲᠡᠯᠢᠭ ᠶᠠᠷᠢᠶ᠎ᠠ ᠲᠠᠯᠪᠢᠪᠠ᠃ ᠦᠳᠡ ᠶᠢᠨ ᠬᠤᠶᠢᠨ᠎ᠠ ᠨᠢ᠂ ᠬᠤᠲᠠ ᠶᠢᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠠᠷ ᠬᠦᠷᠴᠦ ᠴᠠᠭᠠᠨ ᠰᠠᠷ᠎ᠠ ᠶᠢᠨ ᠲᠤᠬᠤᠨᠢᠭᠤᠯᠭ᠎ᠠ ᠬᠢᠪᠡ᠃    2 ᠰᠠᠷ᠎ᠠ ᠶᠢᠨ 7 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠳᠤ ᠤᠷᠤᠯᠴᠠᠵᠤ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ᠂ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ ᠬᠤᠷᠠᠯ ᠳᠤ ᠣᠷᠣᠯᠴᠠᠪᠠ᠃ ᠦᠳᠡ ᠶᠢᠨ ᠬᠤᠶᠢᠨ᠎ᠠ ᠨᠢ᠂ ᠠᠬᠠᠮᠠᠳ ᠺᠠᠳ᠋ᠷ ᠵᠧᠦ ᠸᠧᠨ ᠹᠧᠩ ᠤᠨ ᠭᠡᠷ ᠪᠤᠯᠤᠨ ᠳᠡᠭᠦᠯᠢᠨ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠠᠷ ᠬᠦᠷᠴᠦ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠣᠬᠤᠨᠢᠭᠤᠯᠭ᠎ᠠ ᠬᠢᠪᠡ᠃    2 ᠰᠠᠷ᠎ᠠ ᠶᠢᠨ 9 ᠤ ᠡᠳᠦᠷ ᠠᠴᠠ 12 ᠤᠨ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠢᠭᠡᠳᠦᠭᠡᠷ ᠳᠡᠰ ᠤᠨ ᠦᠢᠯᠡᠴᠢᠯᠡᠭᠡᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠠᠶᠢᠷᠢ ᠳᠠᠭᠠᠨ ᠵᠢᠵᠢᠭᠦᠷᠯᠡᠵᠠᠢ᠃ ᠡᠨᠡ ᠬᠤᠭᠤᠴᠠᠭᠠᠨ ᠳᠤ᠂ 9 ᠤ ᠡᠳᠦᠷ᠂ ᠢᠯᠠᠯᠲᠠ ᠪᠠᠯᠭᠠᠰᠤ᠂ ᠬᠤᠲᠠ ᠶᠢᠨ ᠲᠡᠭᠦᠷᠭᠡ ᠵᠡᠭᠡᠯᠢ ᠶᠢᠨ ᠬᠤᠩ ᠯᠢᠶᠠᠨ ᠨᠡᠶᠢᠭᠡᠮ ᠲᠣᠭᠤᠷᠢᠭ᠂ ᠾᠧ ᠫᠢᠩ ᠵᠡᠭᠡᠯᠢ ᠶᠢᠨ ᠨᠠᠨ ᠪᠢᠨ ᠾᠧ ᠨᠡᠶᠢᠭᠡᠮ ᠲᠣᠭᠤᠷᠢᠭ ᠢᠶᠠᠷ ᠬᠦᠷᠴᠦ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ 9᠂ 10 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠴᠧᠨ ᠬᠤᠩ ᠪᠥᠸᠧ ᠳᠤ ᠪᠠᠷ᠎ᠠ ᠪᠤᠯᠵᠤ ᠬᠤᠷᠢᠭᠤᠯ ᠤᠨ ᠭᠠᠵᠠᠷ᠂ ᠳᠡᠭᠦᠯᠢᠨ ᠲᠣᠮᠢᠯᠠᠭᠰᠠᠨ ᠰᠠᠯᠪᠤᠷᠢ   ᠳᠤ ᠬᠠᠮᠳᠤ ᠪᠠᠷ ᠲᠤᠬᠤᠨᠢᠭᠤᠯᠭ᠎ᠠ ᠬᠢᠵᠠᠢ᠃    2 ᠰᠠᠷ᠎ᠠ ᠶᠢᠨ 19 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2024 ᠣᠨ ᠤ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠥᠯᠥᠪᠵᠢᠭᠦᠯᠭᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠠᠮᠤᠨ ᠲᠢᠩᠬᠢᠮ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ︵ᠲᠢᠩᠬᠢᠮ︶ ᠲᠣᠪᠴᠢᠶᠠᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠲᠠᠶᠢᠯᠪᠤᠷᠢᠯᠠᠵᠤ᠂ ᠪᠦᠬᠦ ᠵᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃  ᠲᠤᠰ ᠣᠷᠣᠶ ᠨᠢ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ᠂ ᠰᠦᠯᠵᠢᠶᠡᠨ ᠤ ᠠᠮᠤᠷ ᠲᠦᠪᠰᠢᠨ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ ︽ᠬᠤᠶᠠᠷ ᠬᠤᠷᠠᠯ︾ ᠤᠨ  ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    2 ᠰᠠᠷ᠎ᠠ ᠶᠢᠨ 21 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠦᠬᠦ ᠬᠤᠲᠠ ᠶᠢᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ  ᠪᠠᠶᠢᠭᠤᠯᠭ᠎ᠠ ᠨᠢᠭᠡᠴᠢ ᠲᠤᠰ ᠬᠤᠷᠠᠯ ᠳᠤ ᠣᠷᠣᠯᠴᠠᠪᠠ᠃    2 ᠰᠠᠷ᠎ᠠ ᠶᠢᠨ 21 ᠤ ᠡᠳᠦᠷ᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ ᠵᠢᠱᠢᠶ᠎ᠡ ᠦᠵᠡᠭᠦᠯᠬᠦ ᠪᠠᠶᠢᠭᠤᠯᠭ᠎ᠠ ᠨᠢᠭᠡᠴᠢ ᠶᠢᠨ ᠨᠡᠷᠡᠰ ᠢ ᠨᠡᠶᠢᠲᠡᠯᠡᠬᠦ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠣᠩᠭᠤᠭᠳᠠᠭᠠᠳ᠂ ᠠᠶᠢᠮᠠᠭ ᠤᠨ ᠳᠣᠲᠣᠷᠠᠬᠢ ᠴᠣᠷ ᠤᠨ ᠭᠠᠭᠴᠠ ᠪᠥᠬᠦ ᠣᠷᠣᠨ ᠤ ᠲᠠᠪᠤᠨ ᠨᠢᠭᠡᠴᠢ ᠶᠢᠨ ᠨᠢᠭᠡ ᠨᠢ ᠪᠣᠯᠪᠠ᠃    2 ᠰᠠᠷ᠎ᠠ ᠶᠢᠨ 22 ᠤᠨ ᠡᠳᠦᠷ᠂ ᠵᠠᠰᠠᠭ ᠤᠨ ᠣᠷᠳᠣᠨ ᠤ  ᠬᠤᠳᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠰᠦᠮ᠎ᠡ ᠶᠢᠨ ᠡᠮᠦᠨ᠎ᠡ ᠵᠡᠭᠡᠯᠢ ᠪᠠᠷ ᠬᠦᠷᠴᠦ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠨ ᠵᠢᠯᠣᠭᠤᠳᠪᠠ᠃    2 ᠰᠠᠷ᠎ᠠ ᠶᠢᠨ 24 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠴᠧᠨ ᠬᠤᠩ ᠪᠥᠸᠧ ᠳᠤ ᠪᠡᠷ᠎ᠡ ᠪᠤᠯᠵᠤ ᠭᠡᠭᠡᠨᠰᠦ᠋ᠮ᠎ᠡ ᠪᠠᠷ  ᠬᠦᠷᠴᠦ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠨ ᠵᠢᠯᠣᠭᠤᠳᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号