ᠬᠤᠳᠠ ᠶᠢᠨ ᠲᠡᠳ᠋ ᠲᠠᠷᠤᠭ᠎ᠠ ᠯᠢᠤ ᠬᠤᠩ ᠪᠦᠸᠧ ᠶᠢᠨ 2024 ᠤᠨ ᠤ 3 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/9/25
   3 ᠰᠠᠷ᠎ᠠ ᠶᠢᠨ 4 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠠᠩ ᠵᠢᠶ ᠫᠧᠩ ᠵᠡᠷᠭᠡ ᠤᠳᠤᠷᠢᠳᠤᠯᠭ᠎ᠠ ᠳᠤ ᠪᠠᠷ᠎ᠠ ᠪᠣᠯᠵᠣ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠠᠶᠢᠮᠠᠭ ᠤᠨ ᠤᠳᠤᠷᠢᠳᠤᠯᠭ᠎ᠠ ᠮᠠᠨ ᠤ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠭᠦᠢᠴᠡᠳ ᠨᠤᠲᠠᠯᠠᠪᠠ᠃    3 ᠰᠠᠷ᠎ᠠ ᠶᠢᠨ 6 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠳᠤ ᠪᠠᠷ᠎ᠠ ᠪᠣᠯᠵᠣ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠭᠰᠠᠨ ᠪᠥᠭᠡᠳ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃    3 ᠰᠠᠷ᠎ᠠ ᠶᠢᠨ 7 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ︽ᠴᠠᠭᠳᠠᠭ᠎ᠠ ᠡᠮᠴᠢ ᠶᠢ ᠬᠠᠮᠲᠤ ᠪᠠᠷ ᠴᠤᠭᠴᠠᠯᠠᠬᠤ︾ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃    3 ᠰᠠᠷ᠎ᠠ ᠶᠢᠨ 10 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 2024 ᠣᠨ ᠤ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠠᠷᠠᠳ ᠤᠨ ᠴᠠᠭᠳᠠᠭ᠎ᠠ ᠪᠤᠯᠤᠨ ᠲᠤᠰᠠᠯᠠᠬᠤ ᠴᠠᠭᠳᠠᠭ᠎ᠠ᠂ ᠬᠠᠮᠤᠭ ᠤᠨ ᠭᠤᠶᠣ ᠴᠠᠭᠳᠠᠭᠠᠨ ᠤ ᠬᠡᠷ ᠪᠦᠯᠢ᠂ ᠤᠯᠠᠭᠠᠨᠬᠤᠲᠠ ᠶᠢᠨ ᠠᠯᠪᠠᠨ ᠵᠢᠷᠤᠮ ᠤᠨ ᠴᠠᠭᠳᠠᠭ᠎ᠠ ᠳᠤ ᠱᠠᠩᠨᠠᠯ ᠣᠯᠭᠤᠵᠤ᠂ ︽1166︾ ᠶᠢᠨ ᠶᠡᠷᠦᠩᠬᠡᠶ ᠪᠣᠷᠣ ᠲᠥᠯᠥᠪ ᠤᠨ ᠰᠡᠳᠬᠢᠴᠡ ᠶᠢᠨ ᠲᠣᠭᠤᠷᠢᠨ ᠳᠤ᠂ ᠪᠥᠬᠦ ᠵᠢᠯ ᠤᠨ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃    3 ᠰᠠᠷ᠎ᠠ ᠶᠢᠨ 12 ᠤᠨ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠤᠨ ᠵᠣᠬᠢᠴᠠᠭᠤᠯᠬᠤ ᠬᠤᠷᠠᠯ ᠳᠤ ᠣᠷᠣᠯᠴᠠᠭᠰᠠᠨ ᠪᠥᠭᠡᠳ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠷᠴᠢᠨ ᠲᠣᠭᠤᠷᠢᠨ ᠢᠳᠡᠭᠡᠨ ᠪᠠ ᠡᠮ ᠤᠨ  ᠵᠤᠶᠢᠯᠡᠰ ᠢ ᠲᠤᠷᠰᠢᠨ ᠪᠠᠶᠢᠴᠠᠭᠠᠬᠤ ᠶᠡᠭᠡ ᠠᠩᠭᠢ ᠵᠢᠴᠢ ᠣᠶ ᠰᠢᠭᠤᠶ ᠶᠢᠨ ᠲᠣᠮᠢᠯᠠᠭᠰᠠᠨ ᠰᠠᠯᠪᠤᠷᠢ ᠶᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠬᠤᠭᠤᠴᠠᠭᠠᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ᠃    3 ᠰᠠᠷ᠎ᠠ ᠶᠢᠨ 13 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠵᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠲᠤ ᠨᠡᠶᠢᠲᠡ︾ ᠶᠢ ᠦᠷᠭᠦᠯᠵᠢᠯᠡᠨ ᠴᠢᠷᠮᠠᠶᠢᠨ ᠪᠠᠶᠢᠭᠤᠯᠬᠤ ᠬᠤᠯᠪᠣᠭᠳᠠᠯ ᠪᠥᠬᠦᠶ ᠠᠵᠢᠯ ᠢ ᠰᠤᠳᠤᠯᠪᠠ᠃    3 ᠰᠠᠷ᠎ᠠ ᠶᠢᠨ 15 ᠤ ᠡᠳᠦᠷ᠂ ᠵᠠᠰᠠᠭ ᠤᠨ ᠣᠷᠳᠣᠨ ᠤ ᠬᠤᠳᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠲᠣᠪᠴᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ︽1166︾ ᠶᠡᠷᠦᠩᠬᠡᠢ ᠠᠵᠢᠯ ᠤᠨ ᠪᠣᠷᠣ ᠲᠥᠯᠥᠪ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠣᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    3 ᠰᠠᠷ᠎ᠠ ᠶᠢᠨ 21 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ 123 ᠴᠠᠭᠳᠠᠭᠠᠨ ᠤ ᠬᠦᠴᠦᠨ ᠢ ᠵᠢᠯᠣᠭᠤᠳᠤᠨ 16 ᠮᠤᠵᠢ ᠶᠢᠨ 27 ᠬᠤᠲᠠ ᠪᠠᠷ ᠬᠦᠷᠴᠦ᠂ ᠬᠢᠯᠢ ᠠᠯᠤᠰᠯᠠᠭᠰᠠᠨ ᠰᠦᠯᠵᠢᠶᠡᠨ ᠤ ᠮᠡᠬᠡᠯᠡᠯ ᠤᠨ ᠣᠨᠴᠠ ᠶᠡᠭᠡ ᠡᠪᠰᠡᠯ ᠪᠦᠯᠦᠭ ᠢ ᠠᠮᠵᠢᠯᠲᠠ ᠲᠠᠢ ᠪᠠᠷ ᠴᠤᠬᠢᠨ ᠤᠨᠠᠭᠠᠵᠤ᠂ 22 ᠤᠨ ᠡᠳᠦᠷ ᠤᠨ 10 ᠴᠠᠭ ᠪᠣᠯᠲᠠᠯ᠎ᠠ᠂ ᠶᠠᠯ᠎ᠠ ᠬᠢᠭᠰᠡᠨ ᠰᠡᠵᠢᠭᠯᠡᠯᠲᠡᠢ 35 ᠰᠡᠵᠢᠭᠳᠡᠨ ᠢ ᠪᠠᠷᠢᠪᠴᠢᠯᠠᠵᠤ᠂ 150 ᠲᠦᠮᠡᠨ ᠲᠥᠭᠦᠷᠢᠭ ᠤᠨ ᠪᠡᠯᠡ ᠮᠥᠩᠭᠦ ᠶᠢ ᠴᠡᠪᠳᠡᠭᠯᠡᠨ᠂ ᠭᠠᠷ ᠤᠲᠠᠰᠤ᠂ ᠺᠣᠮᠫᠢᠦ᠋ᠲ᠋ᠧᠷ ᠵᠡᠷᠭᠡ 100 ᠭᠠᠷᠤᠢ ᠲᠥᠬᠦᠭᠡᠷᠦᠮᠵᠢ ᠶᠢ ᠦᠯᠡᠳᠡᠭᠡᠨ ᠠᠪᠴᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠵᠠᠢ᠃    3 ᠰᠠᠷ᠎ᠠ ᠶᠢᠨ 28 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠴᠧᠨ ᠬᠤᠩ ᠪᠥᠸᠧ ᠳᠤ ᠪᠠᠷ᠎ᠠ ᠪᠤᠯᠵᠤ᠂ ᠺᠧ ᠴᠢᠨ ᠸᠠᠨ ᠵᠢᠶᠠ᠂ ᠪᠸᠢ ᠶᠠᠨ ᠠᠮᠤ ᠪᠤᠳᠠᠭᠠᠨ ᠤ ᠦᠢᠯᠡᠰ ᠤᠨ ᠬᠤᠶᠠᠷ ᠢᠳᠡᠭᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃    3 ᠰᠠᠷ᠎ᠠ ᠶᠢᠨ 29 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠪᠥᠬᠦ ᠬᠤᠲᠠ ᠶᠢᠨ ︽  ᠬᠡᠤᠭᠡᠳ ᠪᠠᠭᠠᠴᠤᠳ ᠢ ᠬᠠᠮᠠᠭᠠᠯᠠᠬᠤ ᠠᠵᠢᠯᠯᠠᠭ᠎ᠠ︾ ᠶᠢᠨ ᠲᠤᠰᠬᠠᠶ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 30 ᠤ ᠡᠳᠦᠷ᠂ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠠᠮᠤᠷ ᠢ ᠬᠠᠮᠠᠭᠠᠯᠠᠬᠤ᠂ ᠠᠵᠤ ᠠᠬᠤᠢ ᠶᠢᠨ ᠲᠠᠩᠨᠠᠯᠲᠠ᠂ ᠴᠠᠭᠳᠠᠭᠠᠨ ᠤ ᠰᠠᠯᠪᠤᠷᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ︽ᠵᠦᠩ ᠵᠢᠢ︾ ᠶᠢᠨ ᠬᠤᠬᠢᠷᠠᠯ ᠳᠤ ᠤᠴᠠᠷᠠᠭᠰᠠᠨ ᠬᠥᠮᠥᠰ ᠢ ᠲᠣᠭᠲᠠᠭᠤᠨ ᠢᠶᠠᠷ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠭᠤᠯᠵᠤ᠂ ᠰᠠᠭᠤᠷᠢ ᠲᠤᠭ᠎ᠠ ᠨᠢ ᠲᠣᠳᠣᠷᠬᠠᠢ᠂ ᠬᠥᠳᠡᠯᠦᠩᠭᠦᠢ ᠪᠠᠶᠢᠳᠠᠯ ᠨᠢ ᠲᠣᠳᠣᠷᠬᠠᠢ᠂ ᠤᠷᠢᠳᠴᠢᠯᠠᠨ ᠮᠠᠭᠠᠳᠯᠠᠭᠰᠠᠨ ᠨᠢ ᠣᠨᠣᠪᠴᠢᠲᠠᠢ᠂ ᠰᠢᠢᠳᠪᠦᠷᠢᠯᠡᠭᠰᠡᠨ ᠨᠢ ᠲᠦᠷᠭᠡᠨ᠂ ᠰᠦᠷᠳᠡᠭᠦᠯᠬᠦ ᠬᠦᠴᠤᠨ ᠨᠢ ᠶᠡᠭᠡ᠂ ᠦᠷ᠎ᠡ ᠪᠦᠲᠦᠮᠵᠢ ᠨᠢ ᠰᠠᠶᠢᠨ ᠠᠵᠢᠯ ᠤᠨ ᠲᠥᠰᠥᠯ ᠢ ᠰᠤᠳᠤᠯᠤᠨ ᠲᠣᠭᠲᠠᠭᠠᠪᠠ᠃    
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号