ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠡᠯᠪᠡᠭ ᠬᠤᠷᠢᠶᠠᠯᠲᠠ ᠶᠢᠨ ᠪᠠᠶᠠᠷ ᠢᠶᠠᠨ ᠪᠡᠯᠭᠡᠯᠡᠵᠤ ᠪᠠᠶᠠᠷ ᠪᠠᠭ᠋ᠠᠳᠤᠯ  ᠢᠶᠠᠨ ᠭᠦᠢᠴᠡᠳ ᠬᠤᠪᠢᠶᠠᠯᠴᠠᠵᠠᠢ
ᠨᠡᠶᠢᠲᠡᠯᠡᠭᠰᠡᠨ ᠴᠠᠭ᠄
2024/9/25
   ᠤᠳᠤᠬᠠᠨ ᠳᠤ᠂ ᠥᠷᠭᠡᠨ ᠠᠭᠤᠳᠠᠮ ᠤᠯᠠᠭᠠᠠᠬᠤᠲᠠ ᠶᠢᠨ ᠭᠠᠵᠠᠷ ᠪᠤᠯᠭᠠᠨ ᠳᠤ ᠬᠥᠮᠦᠰ ᠢ ᠪᠠᠶᠠᠷᠯᠠᠭᠤᠯᠤᠮ᠎ᠠ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠨ᠎ᠠ᠃ 9 ᠰᠠᠷ᠎ᠠ ᠶᠢᠨ 22 ᠤᠨ ᠡᠳᠦᠷ᠂ ᠤᠯᠠᠭᠠᠨᠬᠤᠳᠠ ᠶᠢᠨ ᠭᠡᠭᠡᠨᠰᠦ᠋ᠮ᠎ᠡ ᠪᠠᠯᠭᠠᠰᠤᠨ ᠤ ᠳᠣᠯᠣᠳᠤᠭᠠᠷ ᠬᠤᠭᠤᠴᠠᠭᠠᠨ ᠤ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠰᠣᠨᠢᠷᠬᠠᠯᠲᠤ ᠲᠠᠮᠢᠷ ᠤᠨ ᠴᠤᠭᠯᠠᠭᠠᠨ ᠡᠬᠢᠯᠡᠬᠦᠯᠪᠡ᠃ ᠤᠯᠠᠨ ᠢᠶᠠᠷ ᠢᠶᠠᠨ ᠨᠢᠭᠡ ᠲᠠᠩᠬᠢᠮ ᠳᠤ ᠴᠤᠭᠯᠠᠷᠠᠵᠤ᠂ ᠡᠯᠪᠡᠭ ᠬᠤᠷᠢᠶᠠᠯᠲᠠ ᠪᠠᠨ ᠬᠠᠮᠲᠤᠪᠠᠷ ᠪᠡᠯᠭᠡᠯᠡᠵᠦ᠂ ᠪᠠᠶᠠᠷ ᠪᠠᠭ᠋ᠠᠳᠤᠯ ᠢᠶᠠᠨ ᠭᠦᠢᠴᠡᠳ ᠬᠤᠪᠢᠶᠠᠯᠴᠠᠪᠡ᠃
   ᠲᠤᠬᠠᠢ ᠶᠢᠨ ᠲᠠᠯᠠᠪᠤᠷ ᠲᠠᠬᠢ ᠡᠷᠳᠡᠨᠢ ᠰᠢᠰᠢ᠂ ᠯᠠᠵᠤᠤ᠂ ᠦᠷᠭᠡᠰᠦᠲᠦ ᠬᠡᠮᠬᠡ ᠁ ᠡᠯᠪᠡᠭ ᠬᠤᠷᠢᠶᠠᠯᠲᠠ ᠶᠢᠨ ᠦᠷ᠎ᠡ ᠪᠦᠲᠦᠭᠡᠯ ᠨᠢ ᠥᠩᠭᠡ ᠢᠯᠭᠠᠷᠠᠨ᠂ ᠡᠬᠡ ᠪᠠᠶᠢᠭᠠᠯᠠᠢ ᠠᠴᠠ ᠪᠡᠯᠡᠭᠯᠡᠭᠰᠡᠨ ᠪᠡᠯᠡᠭ ᠢᠶᠠᠨ ᠪᠠᠶᠠᠷ ᠬᠦᠷ ᠲᠠᠢ ᠬᠤᠪᠢᠶᠠᠯᠴᠠᠨ᠎ᠠ᠃
   ᠤᠯᠠᠨ ᠢᠶᠠᠷ ᠢᠶᠠᠨ ᠲᠠᠷᠪᠤᠰ ᠢᠳᠡᠨ᠂ ᠡᠷᠳᠡᠨᠢ ᠰᠢᠰᠢ ᠮᠦᠯᠢᠵᠤ᠂ ᠭᠠᠷ ᠤᠨ ᠡᠷᠳᠡᠮ ᠢᠶᠠᠨ ᠦᠵᠡᠯᠴᠡᠨ᠎ᠡ ᠁ ᠡᠳᠡᠭᠡᠷ ᠤᠷᠤᠯᠳᠤᠭᠠᠨ ᠤ ᠲᠥᠷᠥᠯ ᠵᠦᠢᠯ ᠨᠢ ᠮᠠᠰᠢ ᠭᠤᠶᠢᠳᠡ ᠰᠠᠶᠢᠬᠠᠨ ᠠᠮᠵᠢᠯᠳᠠ ᠲᠠᠢ ᠶᠠᠪᠤᠭᠳᠠᠯ᠎ᠠ᠃
  ᠲᠤᠭᠯᠠᠯᠳᠠ ᠭᠤᠴᠤ ᠰᠠᠶᠢᠬᠠᠨ ᠪᠠᠶᠢᠵᠤ᠂  ᠤᠷᠮᠠᠰᠢᠭᠤᠯᠬᠤ ᠲᠠᠭᠤᠨ᠂ ᠤᠷᠠᠶᠢᠯᠠᠨ ᠬᠠᠰᠬᠢᠷᠬᠤ ᠳᠠᠭᠤᠨ ᠴᠤᠤᠷᠢᠶᠠᠳᠤᠵᠤ ᠂ ᠤᠯᠠᠨ ᠢᠶᠠᠷ ᠢᠶᠠᠨ ᠪᠠᠶᠠᠷ ᠪᠠᠶᠠᠰᠬᠤᠯᠠᠩ ᠤᠨ ᠲᠤᠮᠳᠠ ᠰᠣᠭᠲᠣᠭᠤᠷᠠᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠨᠲᠠᠯ᠎ᠠ ᠡᠳ᠋ᠯᠡᠨ᠎ᠠ᠃    
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号