ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠢ ᠪᠥᠬᠦ ᠬᠡᠯᠬᠢᠶ᠎ᠡ ᠪᠠᠷ ᠵᠠᠰᠠᠬᠤ ᠴᠢᠬᠤᠯᠠᠲᠠᠶ
ᠨᠡᠶᠢᠲᠡᠯᠡᠭᠰᠡᠨ ᠴᠠᠭ᠄
2024/9/26
   ᠤᠯᠤᠰ ᠤᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠡᠨᠡ ᠵᠢᠯ ᠤᠨ 7 ᠰᠠᠷ᠎ᠠ ᠶᠢᠨ 1 ᠠᠴᠠ 7 ᠰᠠᠷ᠎ᠠ ᠶᠢᠨ 31 ᠪᠣᠯᠲᠠᠯ᠎ᠠ᠂ ᠪᠥᠬᠦ ᠤᠯᠤᠰ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠨᠡᠶᠢᠲᠡ 1402 ᠤᠳᠠᠭ᠎ᠠ ᠭᠠᠷᠴᠠᠶ᠃ ᠡᠭᠦᠨ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠴᠡᠨᠡᠭᠯᠡᠭᠦ ᠦᠭᠡᠢ ᠵᠤᠭᠰᠤᠭᠠᠵᠤ ᠪᠠᠶᠢᠭᠰᠠᠨ ᠦᠶ᠎ᠡ ᠳᠤ 639 ᠤᠳᠠᠭ᠎ᠠ ᠭᠠᠯ ᠤᠨ ᠠᠶᠤᠯ ᠭᠠᠷᠴᠤ᠂ 45.6% ᠶᠢ ᠡᠵᠡᠯᠡᠵᠦ᠂ ᠠᠶᠠᠯᠠᠯ ᠤᠨ ᠶᠠᠪᠤᠴᠠ ᠳᠤ 449 ᠤᠳᠠᠭ᠎ᠠ᠂ ᠴᠡᠨᠡᠭᠯᠡᠵᠤ ᠪᠠᠶᠢᠭᠰᠠᠨ ᠪᠠᠶᠢᠳᠠᠯ ᠳᠤ 314 ᠤᠳᠠᠭ᠎ᠠ ᠭᠠᠯ ᠭᠠᠷᠴᠠᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠢ ᠰᠡᠷᠭᠡᠶᠢᠯᠡᠬᠦ ᠠᠰᠠᠭᠤᠳᠠᠯ ᠢ ᠨᠡᠶᠢᠲᠡ ᠪᠠᠷ ᠢᠶᠠᠨ ᠠᠩᠬᠠᠷᠤᠭᠤᠰᠢᠲᠠᠶ᠃    ᠮᠠᠨ ᠤ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠤᠭ᠎ᠠ ᠬᠡᠮᠵᠢᠶ᠎ᠡ ᠠᠰᠤᠷᠤ ᠶᠡᠭᠡ ᠪᠠᠶᠢᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ 3.5 ᠳ᠋ᠦᠩᠰᠢᠭᠤᠷ ᠢ ᠳᠠᠪᠠᠵᠤ᠂ ᠨᠢᠳᠤᠨᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠡᠶᠢᠲᠡ 4228 ᠲᠦᠮᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠦᠢᠯᠡᠳᠪᠦᠷᠢᠯᠡᠭᠰᠡᠨ ᠪᠠᠶᠢᠨ᠎ᠠ᠃ ᠦᠭᠡᠶᠢᠰᠭᠡᠵᠦ ᠪᠣᠯᠤᠰᠢ ᠦᠭᠡᠢ ᠵᠦᠢᠯ ᠭᠡᠪᠡᠯ᠂ ᠬᠡᠷᠡᠭᠯᠡᠭᠴᠢᠳ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠲᠤᠬᠠᠶ ᠪᠤᠰᠤᠳᠴᠢ ᠱᠠᠭᠠᠷᠳᠠᠯᠭ᠎ᠠ ᠶᠤᠮ᠃ ᠲᠡᠭᠦᠨ ᠤ ᠬᠦᠴᠦ ᠠᠷᠪᠢᠯᠠᠬᠤ ᠨᠢ ᠠᠮᠢᠳᠤᠯᠢᠭ ᠮᠥᠷᠲᠡᠭᠡᠨ ᠥᠪᠡᠷ ᠤᠨ ᠥᠷᠲᠡᠭ ᠢ ᠨᠢ ᠡᠵᠡᠮᠳᠡᠵᠦ ᠪᠣᠯᠤᠨ᠎ᠠ᠂ ᠡᠩ ᠤᠨ ᠪᠠᠶᠢᠳᠠᠯ ᠳᠤ ᠠᠪᠴᠤ ᠬᠡᠯᠡᠪᠡᠯ᠂ ᠲᠡᠭᠦᠨ ᠤ ᠬᠡᠷᠡᠭᠯᠡᠭᠴᠢ ᠶᠢ ᠭᠤᠤᠯᠳᠠᠭᠤ ᠬᠤᠶᠠᠷ ᠲᠥᠷᠥᠯ ᠳᠤ ᠬᠤᠪᠢᠶᠠᠵᠤ ᠪᠤᠯᠤᠨ᠎ᠠ᠄ ᠨᠢᠭᠡ ᠨᠢ ᠬᠤᠪᠢ ᠶᠢᠨ ᠬᠡᠷᠡᠭᠯᠡᠭᠴᠢ᠂ ᠭᠤᠤᠯᠳᠠᠭᠤ ᠠᠯᠪᠠᠨ ᠲᠤᠰᠢᠶᠠᠯᠲᠠᠨ ᠵᠡᠷᠭᠡ ᠬᠦᠮᠦᠰ ᠪᠣᠯᠤᠨ᠎ᠠ᠂ ᠲᠡᠷᠡ ᠨᠢ ᠣᠶᠢᠷ᠎ᠠ ᠵᠠᠮ ᠤᠨ ᠲᠦᠷᠭᠡᠨ ᠪᠥᠭᠡᠳ ᠳᠥᠭᠦᠮ ᠳᠥᠲᠡ ᠶᠠᠪᠤᠵᠤ ᠰᠠᠭᠤᠬᠤ ᠳᠤ ᠬᠡᠷᠡᠭᠴᠡᠭᠡ ᠲᠠᠢ ᠮᠥᠷᠲᠡᠭᠡᠨ ᠪᠠᠰᠠ ᠡᠯ᠎ᠡ ᠵᠦᠢᠯ ᠤᠨ ᠪᠤᠰᠤᠳᠴᠢ ᠰᠢᠯᠲᠠᠭᠠᠨ ᠠᠴᠠ ᠪᠣᠯᠵᠣ ᠮᠠᠰᠢᠨ ᠲᠡᠷᠭᠡ ᠬᠡᠷᠡᠭᠯᠡᠬᠦ ᠳᠤ ᠳᠥᠭᠦᠮ ᠦᠭᠡᠢ ᠪᠠᠶᠢᠳᠠᠭ᠃ ᠨᠥᠭᠦᠭᠡ ᠲᠥᠷᠥᠯ ᠨᠢ ᠪᠣᠯ ᠣᠨᠴᠠ ᠲᠣᠭᠲᠠᠭᠰᠠᠨ ᠠᠵᠢᠯ ᠲᠥᠷᠥᠯ ᠤᠨ ᠠᠵᠢᠯᠲᠠᠨ ᠪᠣᠯᠤᠨ᠎ᠠ᠂ ᠡᠭᠦᠨ ᠳᠤ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ ᠬᠦᠷᠭᠡᠭᠴᠢ ᠵᠡᠷᠭᠡ ᠪᠠᠭᠲᠠᠨ᠎ᠠ᠃ ᠡᠭᠦᠨ ᠠᠴᠠ ᠦᠵᠡᠪᠡᠯ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢ ᠨᠢᠭᠡᠨᠲᠡ ᠣᠯᠠᠨ ᠲᠦᠮᠡᠨ ᠤ ᠣᠶᠢᠷ᠎ᠠ ᠵᠠᠮ ᠶᠠᠪᠤᠬᠤ ᠳᠤ ᠬᠡᠷᠡᠭᠯᠡᠬᠦ ᠴᠢᠬᠤᠯᠠ ᠵᠠᠮ ᠬᠠᠷᠢᠯᠴᠠᠭᠠᠨ ᠤ ᠪᠠᠭᠠᠵᠢ ᠪᠣᠯᠤᠭᠰᠠᠨ ᠪᠠᠶᠢᠨ᠎ᠠ᠃    ᠥᠭᠡᠷ᠎ᠡ ᠪᠠᠷ ᠬᠡᠯᠡᠪᠡᠯ ᠡᠶᠢᠮᠦ ᠬᠡᠮᠵᠢᠶ᠎ᠡ ᠶᠢ ᠪᠠᠲᠤᠯᠠᠬᠤ ᠪᠠ ᠬᠡᠷᠡᠭᠯᠡᠬᠦ ᠬᠦᠴᠦᠯᠡᠴᠡ ᠶᠢᠨ ᠳᠣᠤᠷ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠢ ᠠᠩᠬᠠᠷᠬᠤ ᠴᠢᠬᠤᠯᠠᠲᠠᠶ ᠪᠠᠶᠢᠵᠤ᠂ ᠲᠡᠭᠦᠨ ᠢ ᠵᠠᠰᠠᠬᠤ ᠳᠤ ᠬᠥᠲᠥᠯᠥᠨ ᠵᠢᠯᠣᠭᠤᠳᠴᠤ ᠵᠢᠷᠤᠮᠵᠢᠭᠤᠯᠬᠤ ᠠᠴᠠ ᠭᠠᠷᠳᠠᠬᠤ ᠬᠡᠷᠡᠭᠲᠡᠶ᠃ ᠡᠭᠦᠨ ᠳᠤ ᠮᠠᠰᠢ ᠣᠯᠠᠨ ᠭᠠᠵᠠᠷ ᠤᠨ ᠬᠢᠨ ᠠᠯᠢ ᠴᠢᠳᠠᠬᠤ ᠪᠠᠷ ︽ᠬᠥᠮᠦᠨ ᠪᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢᠭᠡ ᠥᠷᠥᠭᠡᠨ ᠳᠤ ᠪᠠᠶᠢᠬᠤ︾ ᠠᠴᠠ ᠵᠠᠶᠢᠯᠠᠰᠭᠢᠬᠤ᠂ ᠦᠭᠡᠷ᠎ᠡ ᠪᠠᠷ ᠬᠡᠯᠡᠪᠡᠯ ᠣᠷᠣᠨ ᠰᠠᠭᠤᠴᠠ ᠶᠢᠨ ᠳᠣᠲᠣᠷ᠎ᠠ ᠴᠡᠨᠡᠭᠯᠡᠬᠦ ᠶᠢ ᠴᠠᠭᠠᠵᠠᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠥᠪᠯᠡᠷᠡᠭᠦᠯᠦᠨ ᠵᠣᠭᠰᠣᠭᠠᠬᠤ ᠪᠠ ᠲᠤᠭᠲᠠᠭᠰᠠᠨ ᠭᠠᠵᠠᠷ ᠲᠤᠨᠢ ᠴᠠᠬᠢᠯᠭᠠᠨ ᠴᠡᠨᠡᠭᠯᠡᠬᠦ ᠶᠢ ᠰᠠᠨᠠᠭᠤᠯᠵᠤ ᠪᠠᠶᠢᠨ᠎ᠠ᠃    ᠭᠡᠪᠡᠴᠦ ᠪᠣᠳᠠᠲᠠᠶ ᠬᠢᠬᠦ ᠶᠠᠪᠤᠴᠠ ᠳᠤ ᠪᠠᠰᠠ ᠰᠢᠨ᠎ᠡ ᠪᠠᠶᠢᠳᠠᠯ ᠤᠷᠤᠰᠢᠳᠠᠭ᠃ ᠨᠢᠭᠡ ᠲᠠᠯ᠎ᠠ ᠪᠠᠷ᠂ ᠨᠡᠶᠢᠭᠡᠮ ᠲᠣᠭᠤᠷᠢᠭ ᠤᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠤᠭ᠎ᠠ ᠬᠡᠮᠵᠢᠶ᠎ᠡ ᠠᠭᠠᠵᠢᠮ ᠢᠶᠠᠷ ᠨᠡᠮᠡᠭᠳᠡᠬᠦ ᠶᠢ ᠳᠠᠭᠠᠯᠳᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠯᠡᠬᠦ ᠲᠠᠯᠠᠪᠠᠶ ᠨᠢ ᠡᠩ ᠤᠨ ᠳᠤᠭᠤᠶ ᠲᠡᠷᠭᠡ ᠠᠴᠠ ᠶᠡᠭᠡ ᠪᠠᠶᠢᠵᠤ᠂ ᠤᠤᠯ ᠤᠨ ᠲᠤᠭᠤᠢ ᠲᠡᠷᠭᠡ ᠵᠤᠭᠰᠤᠭᠠᠬᠤ ᠣᠷᠣᠨ ᠵᠠᠶ ᠨᠢ ᠢᠳᠡᠭ ᠢᠳᠡᠭ ᠢᠶᠠᠷ ᠬᠦᠷᠦᠯᠴᠡᠬᠦ ᠥᠬᠡᠶ ᠪᠣᠯᠵᠣ᠂ ᠴᠡᠨᠡᠭᠯᠡᠬᠦ ᠲᠥᠬᠦᠭᠡᠷᠦᠮᠵᠢ ᠨᠢ ᠴᠦ ᠮᠦᠷᠯᠡᠵᠤ ᠡᠬᠢᠯᠡᠭᠰᠡᠨ ᠠᠴᠠ ᠬᠡᠰᠡᠭ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠡᠶᠢᠲᠡ ᠶᠢᠨ ᠣᠷᠣᠨ ᠵᠠᠶ ᠶᠢ ᠰᠢᠬᠠᠨ ᠡᠵᠡᠯᠡᠵᠦ᠂ ᠴᠢᠨᠠᠭᠰᠢᠯᠠᠪᠠᠯ ᠬᠥᠮᠦᠨ ᠶᠠᠪᠤᠬᠤ ᠵᠠᠮ ᠢ ᠴᠤ ᠰᠢᠬᠠᠨ ᠡᠵᠡᠯᠡᠵᠡᠢ︔ ᠨᠥᠭᠦᠭᠡ ᠲᠠᠯ᠎ᠠ ᠪᠠᠷ᠂ ᠭᠠᠯ ᠤᠨ ᠠᠶᠤᠯ ᠤᠨ ᠬᠡᠮ ᠰᠤᠭᠤᠭ ᠣᠷᠣᠰᠢᠵᠤ ᠪᠠᠶᠢᠭ᠎ᠠ ᠶᠤᠮ ᠴᠢᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠥᠪᠯᠡᠷᠡᠭᠦᠯᠦᠨ ᠵᠤᠭᠰᠤᠭᠠᠬᠤ ᠣᠷᠣᠨ ᠵᠠᠢ ᠳᠤ ᠪᠠᠰᠠ ᠵᠣᠬᠢᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠪᠠᠶᠢᠬᠤ ᠬᠡᠷᠡᠭᠲᠡᠶ ᠪᠢᠰᠢ ᠤᠤ︖    ᠦᠨᠡᠨ ᠳᠡᠭᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠳᠤ ᠨᠡᠯᠢᠶᠡᠳ ᠨᠢ ᠳ᠋ᠢᠶᠠᠨ ᡂᠢ ᠶᠢ ᠬᠠᠤᠯᠢ ᠪᠤᠰᠤ ᠪᠠᠷ ᠨᠡᠶᠢᠯᠡᠭᠦᠯᠵᠦ ᠤᠭᠰᠠᠷᠠᠬᠤ ᠵᠢᠴᠢ ᠤᠲᠠᠰᠦ ᠲᠠᠲᠠᠵᠤ ᠴᠡᠨᠡᠭᠯᠡᠬᠦ ᠵᠡᠷᠭᠡ ᠠᠶᠤᠯᠲᠠᠢ ᠤᠶᠢᠯᠠ ᠠᠵᠢᠯᠯᠠᠭ᠎ᠠ ᠠᠴᠠ ᠪᠣᠯᠤᠭᠰᠠᠨ ᠶᠤᠮ᠂ ᠥᠭᠡᠷ᠎ᠡ ᠪᠠᠷ ᠬᠡᠯᠡᠪᠡᠯ ᠵᠣᠭᠰᠣᠭᠠᠬᠤ ᠶᠢ ᠵᠠᠰᠠᠬᠤ ᠨᠢ ᠠᠳᠠᠭ ᠰᠡᠭᠦᠯ ᠢ ᠨᠢ ᠬᠠᠮᠢᠶᠠᠷᠤᠨ ᠡᠵᠡᠮᠳᠡᠵᠦ᠂ ᠡᠬᠢ ᠡᠭᠦᠰᠦᠯ ᠢ ᠨᠢ ᠵᠠᠰᠠᠬᠤ ᠶᠢᠨ ᠵᠠᠩᠭᠢᠯᠠᠭ᠎ᠠ ᠨᠢ ᠳ᠋ᠢᠶᠠᠨ ᡂᠢ ᠳᠤ ᠪᠠᠶᠢᠳᠠᠭ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠳ᠋ᠢᠶᠠᠨ ᡂᠢ ᠶᠢ ᠬᠠᠤᠯᠢ ᠪᠤᠰᠤ ᠪᠠᠷ ᠤᠭᠰᠠᠷᠠᠭᠰᠠᠨ ᠪᠠ ᠠᠶᠤᠯᠲᠠᠢ ᠴᠡᠨᠡᠭᠯᠡᠭᠰᠡᠨ ᠠᠴᠠ ᠭᠠᠳᠠᠨ᠎ᠠ ᠲᠤᠭᠤᠢ ᠲᠡᠷᠭᠡᠨ ᠤ ᠳ᠋ᠢᠶᠠᠨ ᡂᠢ ᠨᠡᠯᠢᠶᠡᠳ ᠣᠷᠳᠣ ᠬᠤᠭᠤᠴᠠᠭᠠᠨ ᠳᠤ ᠬᠠᠮᠢᠶ᠎ᠠ ᠪᠥᠬᠦᠶ ᠪᠠᠷᠢᠮᠵᠢᠶ᠎ᠠ ᠲᠤᠲᠠᠭᠰᠠᠨ ᠠᠴᠠ ᠪᠤᠯᠤᠭᠰᠠᠨ ᠪᠠᠶᠢᠳᠠᠭ᠃    ᠡᠭᠦᠨ ᠠᠴᠠ ᠭᠠᠳᠠᠨ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠳ᠋ᠢᠶᠠᠨ ᡂᠢ ᠳᠤ ᠪᠠᠰᠠ ᠠᠮᠢ ᠨᠠᠰᠤ ᠲᠠᠢ ᠪᠠᠶᠢᠵᠤ᠂ ᠬᠡᠷᠡᠭᠯᠡᠬᠦ ᠬᠤᠭᠤᠴᠠᠭ᠎ᠠ ᠪᠤᠶᠤ ᠴᠡᠨᠡᠭᠯᠡᠬᠦ ᠤᠳᠠᠭ᠎ᠠ ᠪᠠᠷ ᠪᠤᠳᠤᠭᠰᠠᠨ ᠴᠤ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠲᠣᠭᠲᠠᠴᠠ ᠳᠤ ᠮᠥᠨ ᠯᠠ ᠬᠡᠷᠡᠭᠯᠡᠭᠡᠨ ᠠᠴᠠ ᠭᠠᠷᠭᠠᠬᠤ ᠲᠣᠭᠲᠠᠴᠠ ᠳᠤᠲᠠᠭᠳᠠᠵᠤ ᠪᠠᠶᠢᠨ᠎ᠠ᠃ ᠡᠬᠢ ᠡᠭᠦᠰᠦᠯ ᠠᠴᠠ ᠨᠢ ᠵᠠᠰᠠᠬᠤ ᠠᠴᠠ ᠠᠳᠠᠭ ᠰᠡᠭᠦᠯ ᠢ ᠨᠢ ᠬᠠᠮᠢᠶᠠᠷᠤᠨ ᠡᠵᠡᠮᠳᠡᠬᠦ ᠬᠦᠷᠲᠡᠯ᠎ᠡ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠦᠬᠦ  ᠬᠡᠯᠬᠢᠶ᠎ᠡ ᠶᠢᠨ ᠵᠠᠰᠠᠯᠲᠠ ᠶᠢᠨ ᠰᠢᠰ᠊ ᠲᠧᠮ ᠢ ᠲᠡᠭᠦᠯᠳᠡᠷᠵᠢᠭᠦᠯᠬᠦ ᠨᠢ ᠮᠠᠰᠢ ᠴᠢᠬᠤᠯᠠ ᠶᠤᠮ᠃    ᠬᠡᠯᠡᠯᠭᠡᠨ ᠥᠬᠡᠶ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠳ᠋ᠢᠶᠠᠨ ᡂᠢ ᠶᠢᠨ ᠠᠵᠢᠯ ᠲᠥᠷᠥᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠮᠡᠷᠭᠡᠵᠢᠯ ᠤᠨ ᠲᠦᠪᠰᠢᠨ ᠪᠠ ᠶᠠᠰᠤ ᠴᠢᠨᠠᠷ ᠤᠨ ᠬᠠᠮᠢᠶᠠᠷᠤᠯᠲᠠ ᠶᠢ ᠳᠡᠭᠡᠭᠰᠢᠯᠡᠭᠦᠯᠦᠨ᠂ ᠬᠠᠭᠤᠴᠢᠨ ᠳ᠋ᠢᠶᠠᠨ ᡂᠢ ᠶᠢ ᠬᠠᠶᠠᠵᠤ᠂ ᠡᠴᠦᠰ ᠲᠤᠨᠢ ᠡᠬᠢ ᠡᠭᠦᠰᠦᠯ ᠠᠴᠠ ᠨᠢ ᠵᠠᠰᠠᠬᠤ ᠶᠢ ᠪᠡᠶᠡᠯᠡᠭᠦᠯᠬᠦ ᠳᠤ ᠮᠥᠨ ᠬᠦ ᠴᠠᠭ ᠬᠤᠭᠤᠴᠠᠭ᠎ᠠ ᠬᠡᠷᠡᠭᠰᠡᠨ᠎ᠡ᠃ ᠣᠳᠣᠬᠢ ᠱᠠᠲᠤᠨ ᠳᠤ᠂ ᠠᠳᠠᠭ ᠰᠡᠭᠦᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠨᠢ ᠮᠥᠨ ᠬᠦ ᠴᠢᠬᠤᠯᠠ ᠶᠤᠮ᠃    ᠬᠡᠷᠬᠢᠨ ᠰᠠᠭᠤᠭᠠᠯᠢ ᠠᠷᠠᠳ ᠤᠨ ᠭᠠᠯ ᠤᠨ ᠠᠶᠤᠯᠭᠦᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ᠂ ᠠᠳᠠᠯᠢ ᠪᠤᠰᠤ ᠬᠤᠲᠠ᠂ ᠠᠳᠠᠯᠢ ᠪᠤᠰᠤ ᠣᠷᠣᠨ ᠪᠦᠰᠡ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠬᠡᠷ ᠤᠨ ᠭᠠᠳᠠᠨᠠᠬᠢ ᠴᠡᠨᠡᠭᠯᠡᠬᠦ ᠣᠷᠣᠨ ᠵᠠᠶ ᠪᠠ ᠴᠡᠨᠡᠭᠯᠡᠬᠦ ᠲᠦᠬᠦᠭᠡᠷᠦᠮᠵᠢ ᠶᠢ ᠰᠢᠯᠢᠳᠡᠭᠵᠢᠭᠦᠯᠵᠦ᠂ ᠲᠥᠪᠯᠡᠷᠡᠭᠦᠯᠦᠨ ᠴᠡᠨᠡᠭᠯᠡᠬᠦ ᠣᠷᠣᠨ ᠪᠦᠰᠡ ᠶᠢᠨ ᠬᠠᠮᠢᠶᠠᠷᠤᠯᠲᠠ   ᠶᠢᠨ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠮᠥᠨ ᠬᠦ ᠤᠯᠠᠮ ᠨᠢᠭᠡ ᠠᠯᠬᠤᠮ ᠰᠦᠪᠡᠭᠴᠢᠯᠡᠨ ᠰᠶᠢᠳᠪᠦᠷᠢᠯᠡᠬᠦ ᠴᠢᠬᠤᠯᠠᠲᠠᠶ᠃          ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠰᠦᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号