| 2 ᠰᠠᠷ᠎ᠠ ᠶᠢᠨ 2 ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠷᠢᠳ ᠬᠤᠵᠢᠳ ᠾᠧ ᠫᠢᠩ᠂ ᠲᠢᠶᠠᠨ ᠵᠢᠶᠤᠤ 2 ᠬᠠᠷᠢᠶ᠎ᠠ ᠣᠷᠣᠨ ᠤ | ᠶᠢᠰᠤᠨ ᠪᠠᠭ᠎ᠠ ᠲᠠᠯᠠᠪᠤᠷ ᠢᠶᠠᠷ ᠬᠦᠷᠴᠦ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ︽ᠬᠤᠶᠠᠷ ᠢ | ᠲᠥᠪᠯᠡᠷᠡᠭᠦᠯᠬᠦ︾ ᠲᠤᠰᠬᠠᠶ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠵᠤ᠂ ᠤᠶᠢᠷ᠎ᠠ ᠶᠢᠨ ᠬᠤᠭᠤᠴᠠᠭᠠᠨ ᠤ ᠭᠠᠯ | ᠭᠠᠷᠤᠭᠰᠠᠨ ᠡ᠊ᠨᠳᠡᠯ ᠤᠨ ᠰᠤᠷᠭᠠᠮᠵᠢ ᠪᠠᠷ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠠᠷᠢᠶ᠎ᠠ ᠣᠷᠣᠨ ᠤ | ᠣᠯᠠᠨ ᠲᠦᠮᠡᠨ ᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠬᠠᠷᠢᠶ᠎ᠠ ᠣᠷᠣᠨ ᠤ ᠰᠡᠷᠭᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | 2 ᠰᠠᠷ᠎ᠠ ᠶᠢᠨ 4 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠴᠠᠭᠠᠨ ᠰᠠᠷ᠎ᠠ ᠶᠢᠨ ᠲᠣᠬᠤᠨᠢᠭᠤᠯᠭ᠎ᠠ ᠬᠢᠪᠡ᠃ | 2 ᠰᠠᠷ᠎ᠠ ᠶᠢᠨ 7 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠤᠷᠢᠳ ᠬᠤᠵᠢᠳ ᠢᠯᠠᠯᠳᠠ ᠪᠠᠯᠭᠠᠰᠤᠨ ᠤ ᠲᠤᠰᠬᠠᠢ ᠲᠤᠰᠢᠶᠠᠯᠳᠤ ᠭᠠᠯ | ᠰᠡᠷᠭᠡᠶᠢᠯᠡᠵᠤ ᠤᠨᠲᠠᠷᠠᠭᠠᠬᠤ ᠠᠩᠭᠢ᠂ ᠢᠯᠠᠯᠳᠠ ᠭᠠᠴᠠᠭ᠎ᠠ ᠪᠠᠷ ᠪᠠᠯᠭᠠᠰᠤ ᠭᠠᠴᠠᠭ᠎ᠠ ᠲᠣᠰᠬᠤᠨ ᠬᠤᠶᠠᠷ ᠱᠠᠲᠤᠨ ᠤ ᠭᠠᠯ | ᠰᠡᠷᠭᠡᠶᠢᠯᠡᠵᠤ ᠤᠨᠲᠠᠷᠠᠭᠠᠬᠤ ᠥᠷᠲᠡᠭᠡ ᠶᠢᠨ ᠠᠵᠢᠯᠯᠠᠭᠠᠨ ᠤ ᠪᠠᠶᠢᠳᠠᠯ ᠢ ᠪᠠᠶ᠋ᠢᠴᠠᠭᠠᠵᠤ᠂ ᠭᠡᠨᠡᠳᠲᠡ ᠶᠢᠨ ᠪᠠᠶᠢᠳᠠᠯ ᠢ ᠴᠠᠭ | ᠲᠤᠬᠠᠶ ᠳᠤᠨᠢ ᠠᠷᠭᠠᠴᠠᠭᠠᠬᠤ ᠶᠢ ᠦᠨᠡᠨ ᠬᠦ ᠪᠠᠲᠤᠯᠠᠪᠠ᠃ | 2 ᠰᠠᠷ᠎ᠠ ᠶᠢᠨ 7 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ︽ᠲᠦᠷᠪᠡ ᠦᠭᠡᠢ ᠬᠤᠶᠠᠷ ᠰᠢᠯᠤᠭᠤᠨ︾ ᠬᠡᠯᠪᠡᠷᠢ ᠪᠠᠷ᠂ ᠪᠥᠬᠦ ᠬᠤᠲᠠ ᠶᠢᠨ | ᠴᠢᠯᠦᠭᠡᠳᠤ ᠳᠡᠯᠭᠡᠭᠦᠷ᠂ ᠲᠣᠰᠣ ᠨᠡᠮᠡᠬᠦ ᠥᠷᠲᠡᠭᠡ᠂ ᠬᠤᠸᠠᠷ ᠫᠤᠤᠵᠢᠩ ᠬᠤᠳᠠᠯᠳᠤᠬᠤ ᠭᠠᠵᠠᠷ᠂ ᠵᠣᠴᠢᠳ ᠤᠨ ᠪᠠᠭᠤᠳᠠᠯ᠂ | ᠴᠢᠴᠢᠭᠦᠷ ᠪᠥᠮᠪᠦᠭᠡ ᠶᠢᠨ ᠲᠢᠩᠬᠢᠮ ᠵᠡᠷᠭᠡ ᠭᠠᠵᠠᠷ ᠢ ᠰᠣᠩᠭᠤᠵᠤ᠂ ᠠᠮᠤᠷ ᠲᠦᠪᠰᠢᠨ ᠢᠶᠠᠷ ᠨᠡᠪᠲᠡᠷᠡᠬᠦ ᠵᠠᠮ᠂ ᠭᠠᠯ | ᠰᠡᠷᠭᠡᠶᠢᠯᠡᠵᠤ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠳᠤ ᠪᠠᠶᠢᠴᠠᠭᠠᠯᠳᠠ ᠬᠢᠭᠰᠡᠨ ᠪᠥᠭᠡᠳ ᠠᠶᠤᠯᠭᠦᠶ | ᠤᠶᠢᠯᠡᠳᠪᠤᠷᠢᠯᠠᠯ ᠤᠨ ᠠᠵᠢᠯ ᠤᠨ ᠨᠠᠶᠢᠳᠠᠪᠤᠷᠢᠵᠢᠭᠤᠯᠤᠯᠳᠠ ᠵᠢᠴᠢ ᠡᠳᠦᠷ ᠲᠤᠲᠤᠮ ᠤᠨ ᠬᠠᠮᠢᠶᠠᠷᠤᠯᠲᠠ ᠶᠢᠨ ᠪᠠᠶᠢᠳᠠᠯ ᠢ | ᠨᠠᠷᠢᠨ ᠠᠰᠠᠭᠤᠨ ᠯᠠᠪᠯᠠᠵᠠᠶ᠃ | 2 ᠰᠠᠷ᠎ᠠ ᠶᠢᠨ 22 ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠰᠢᠷᠢᠰ ᠠᠵᠢᠯᠯᠠᠭ᠎ᠠ ᠶᠢᠨ | ᠪᠡᠯᠡᠳᠬᠡᠯ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | 2 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠮᠠ ᠱᠤ᠋ ᠭᠠᠩ ᠪᠥᠬᠦ ᠬᠤᠲᠠ ᠶᠢᠨ ᠡᠯ᠎ᠡ ᠵᠢᠭᠤᠯᠴᠢᠯᠠᠯ ᠤᠨ ᠦᠵᠡᠮᠵᠢ ᠶᠢᠨ ᠴᠡᠭ ᠢᠶᠠᠷ ᠬᠦᠷᠴᠦ᠂ ᠥᠭᠡᠷᠡᠴᠢᠯᠡᠨ | ᠳᠡᠭᠡᠭᠰᠢᠯᠡᠭᠦᠯᠬᠦ ᠠᠵᠢᠯ ᠳᠤ ᠪᠠᠶᠢᠴᠠᠭᠠᠨ ᠰᠤᠳᠤᠯᠤᠯᠳᠠ ᠬᠢᠵᠠᠢ᠃ | 2 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ ᠪᠠᠷ ᠬᠦᠷᠴᠦ᠂ | 2024 ᠣᠨ ᠤ ᠭᠤᠤᠯᠳᠠᠯᠭ᠎ᠠ ᠲᠠᠢ᠂ ᠬᠢᠯᠠᠰ ᠴᠡᠭ ᠲᠠᠢ ᠠᠵᠢᠯ ᠤᠨ ᠲᠥᠯᠥᠪᠵᠢᠭᠦᠯᠭᠡ ᠶᠢᠨ ᠪᠠᠶᠢᠳᠠᠯ ᠢ ᠲᠤᠬᠢᠷᠠᠭᠤᠯᠪᠠ᠃ | 2 ᠰᠠᠷ᠎ᠠ ᠶᠢᠨ 29 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ ᠮᠠ ᠱᠤ᠋ ᠭᠠᠩ 2024 ᠣᠨ ᠤ 4 ᠤᠳᠠᠭ᠎ᠠ ᠶᠢᠨ ᠵᠠᠬᠢᠳᠠᠯ ᠰᠤᠷᠪᠤᠯᠵᠢᠯᠠᠯ ᠤᠨ | ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ᠃ |