ᠮᠠᠯᠵᠢᠬᠤ ᠲᠠᠷᠢᠶᠠᠯᠠᠬᠤ ᠤᠷᠤᠨ ᠤ ᠵᠠᠩ ᠲᠠᠳᠬᠠᠯ ᠢ ᠦᠬᠡᠷᠡᠴᠢᠯᠡᠬᠦ ᠤᠬᠠᠭᠤᠯᠭ᠎ᠠ ᠶᠢ ᠤᠯᠠᠭᠠᠨᠬᠠᠳᠠ ᠪᠠᠯᠭᠠᠰᠦ ᠶᠢᠨ ᠶᠤᠯᠤ ᠭᠠᠴᠠᠭᠠᠨ ᠳᠤ ᠦᠷᠨᠢᠬᠦᠯᠪᠡ
ᠨᠡᠶᠢᠲᠡᠯᠡᠭᠰᠡᠨ ᠴᠠᠭ᠄
2024/9/26
   ᠬᠦᠳᠡᠭᠡ ᠲᠤᠰᠬᠤᠨ ᠤ ᠪᠤᠯᠪᠠᠰᠦᠨ ᠤ ᠪᠠᠶᠢᠭᠤᠯᠤᠯᠳᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠠᠭᠤᠴᠢᠨ ᠵᠠᠩ ᠲᠠᠳᠬᠠᠯ ᠢ ᠦᠬᠡᠷᠡᠴᠢᠯᠡᠬᠦ ᠶᠢ ᠤᠯᠠᠮ ᠨᠢᠬᠡ ᠠᠯᠬᠤᠮ ᠠᠬᠢᠭᠤᠯᠵᠦ᠂ ᠪᠤᠯᠪᠠᠰᠦᠨ ᠰᠢᠨ᠎ᠠ ᠰᠤᠷᠳᠠᠯ ᠢ ᠪᠠᠳᠠᠷᠠᠭᠤᠯᠬᠤ ᠶᠢᠨ ᠲᠦᠯᠦᠬᠡ᠂ ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠤᠯᠠᠭᠠᠨᠬᠤᠳᠠ ᠶᠢᠨ ᠰᠢᠨ᠎ᠠ ᠴᠠᠭ ᠦᠶ᠎ᠡ ᠶᠢᠨ ᠪᠤᠯᠪᠠᠰᠦᠨ ᠤ ᠦᠢᠯᠡᠳᠦᠯᠬᠡ ᠶᠢᠨ ᠦᠢᠯᠡᠴᠢᠯᠡᠬᠡᠨ ᠤ ᠲᠦᠪ ᠤᠯᠠᠭᠠᠨᠬᠠᠳᠠ ᠪᠠᠯᠭᠠᠰᠦ ᠶᠢᠨ ᠶᠤᠯᠤ ᠭᠠᠴᠠᠭᠠᠨ ᠳᠤ ︽ᠪᠤᠯᠪᠠᠰᠦᠨ ᠤᠷᠤᠭ ᠬᠤᠷᠢᠮ ᠢ ᠰᠠᠨᠠᠭᠠᠴᠢᠯᠠᠵᠦ ᠪᠤᠯᠪᠠᠰᠦᠨ ᠰᠢᠨ᠎ᠠ ᠰᠤᠷᠳᠠᠯ ᠢ ᠪᠤᠢ ᠪᠤᠯᠭᠠᠶ᠎ᠠ︾ ᠬᠡᠭᠦ ᠭᠤᠤᠯ ᠰᠡᠳᠤᠪᠳᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃    ᠲᠤᠰ ᠤᠳᠠᠭᠠᠨ ᠤ ᠠᠵᠢᠯᠯᠠᠭ᠎ᠠ ᠨᠢ ︽ᠤᠷᠠᠨ ᠰᠠᠶᠢᠬᠠᠨ ᠤ ᠲᠤᠬᠯᠠᠯᠳᠠ + ᠭᠤᠤᠯ ᠰᠡᠳᠤᠪᠳᠤ ᠤᠬᠠᠭᠤᠯᠭ᠎ᠠ︾ ᠶᠢ ᠤᠶᠠᠯᠳᠤᠭᠤᠯᠬᠤ ᠠᠷᠭ᠎ᠠ ᠪᠠᠷ ᠭᠠᠴᠠᠭᠠᠨ ᠤ ᠠᠷᠠᠳ ᠢ ᠤᠳᠤᠷᠢᠳᠤᠨ ᠦᠵᠡᠯ ᠰᠠᠨᠠᠭ᠎ᠠ ᠪᠠᠨ ᠬᠤᠪᠢᠷᠠᠭᠤᠯᠵᠦ᠂ ᠬᠦᠳᠡᠭᠡ ᠲᠤᠰᠬᠤᠨ ᠤ ᠪᠤᠯᠪᠠᠰᠦᠨ ᠤ ᠦᠢᠯᠡᠳᠦᠯᠬᠡᠵᠢᠬᠦᠯᠦᠭᠴᠢ ᠪᠠ ᠪᠤᠯᠪᠠᠰᠦᠨ ᠰᠤᠷᠳᠠᠯ ᠤᠨ ᠤᠯᠠᠮᠵᠢᠯᠠᠬᠴᠢ ᠪᠤᠯᠬᠤ ᠶᠢ ᠰᠠᠨᠠᠭᠠᠴᠢᠯᠠᠵᠠᠢ᠃    ᠠᠵᠢᠯᠯᠠᠭ᠎ᠠ ᠳᠤ᠂ ᠤᠷᠤᠭ ᠬᠤᠷᠢᠮ ᠤᠨ ᠦᠬᠡᠷᠡᠴᠢᠯᠡᠯᠳᠡ ᠶᠢᠨ ᠤᠬᠠᠭᠤᠯᠤᠬᠴᠢ ᠠᠴᠠ ᠤᠷᠤᠭ ᠬᠤᠷᠢᠮ᠂ ᠤᠷᠤᠰᠢᠭᠤᠯᠭ᠎ᠠ ᠶᠢᠨ ᠬᠠᠭᠤᠴᠢᠨ ᠲᠠᠳᠬᠠᠯ᠂ ᠦᠨᠳᠦᠷ ᠪᠤᠬᠳᠤᠯᠠᠬᠤ ᠪᠡᠯᠡ ᠮᠦᠡᠭᠬᠦ᠂ ᠶᠡᠬᠡᠪᠡᠷ ᠶᠤᠰᠤᠯᠠᠯ ᠶᠠᠪᠤᠭᠤᠯᠬᠤ ᠵᠡᠷᠭᠡ ᠨᠡᠶᠢᠬᠡᠮ ᠤᠨ ᠬᠠᠯᠠᠮᠰᠢᠯ ᠠᠰᠠᠭᠤᠳᠠᠯ ᠤᠨ ᠲᠤᠭᠤᠷᠢᠨ ᠳᠤ ᠤᠯᠠᠨ ᠲᠦᠮᠡᠨ ᠳᠤ ᠬᠠᠭᠤᠴᠢᠨ ᠵᠠᠩ ᠲᠠᠳᠬᠠᠯ ᠢ ᠦᠬᠡᠷᠡᠴᠢᠯᠡᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠵᠢᠴᠢ ᠬᠠᠭᠤᠴᠢᠨ ᠵᠠᠩ ᠲᠠᠳᠬᠠᠯ ᠤᠨ ᠨᠦᠯᠦᠬᠡ ᠶᠢ ᠲᠠᠶᠢᠯᠪᠦᠷᠢᠯᠠᠵᠦ᠂ ᠸᠢᠳᠢᠤ᠋ ᠪᠠᠷ ᠲᠠᠮᠵᠢᠭᠤᠯᠤᠨ ᠮᠠᠯᠵᠢᠬᠤ ᠲᠠᠷᠢᠶᠠᠯᠠᠬᠤ ᠤᠷᠤᠨ ᠤ ᠬᠠᠭᠤᠴᠢᠨ ᠵᠠᠩ ᠲᠠᠳᠬᠠᠯ ᠢ ᠦᠬᠡᠷᠡᠴᠢᠯᠡᠬᠦ ᠶᠢᠨ ᠴᠢᠬᠤᠯᠠ ᠠᠴᠢ ᠬᠤᠯᠪᠤᠬᠳᠠᠯ ᠢ ᠬᠦᠨᠵᠡᠬᠡᠢ ᠲᠠᠶᠢᠯᠪᠦᠷᠢᠯᠠᠵᠦ᠂ ᠭᠠᠴᠠᠭᠠᠨ ᠤ ᠠᠷᠠᠳ ᠤᠨ ᠲᠠᠨᠢᠯᠳᠠ ᠪᠠ ᠤᠶᠢᠯᠠᠭᠠᠯᠳᠠ ᠶᠢ ᠬᠦᠨᠵᠡᠬᠡᠶᠢᠷᠡᠬᠦᠯᠵᠡᠢ᠃                                                                               ︵ᠡᠤ ᠳ᠋ᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号