| 1 ᠰᠠᠷ᠎ᠠ ᠶᠢᠨ 22 ᠤᠨ ᠣᠷᠣᠢ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠵᠠᠬᠢᠳᠠᠯ ᠰᠤᠷᠪᠤᠯᠵᠢᠯᠠᠯ ᠤᠨ | ᠲᠣᠪᠴᠢᠶ᠎ᠠ ᠪᠠᠷ ᠬᠦᠷᠴᠦ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠳᠤ᠂ ᠰᠢᠨ᠎ᠡ | ᠬᠤᠲᠠ ᠶᠢᠨ ᠬᠡᠷᠡᠭ ᠡᠷᠬᠢᠯᠡᠬᠦ ᠭᠠᠵᠠᠷ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠣᠷᠣᠯᠴᠠᠪᠠ᠃ | 1 ᠰᠠᠷ᠎ᠠ ᠶᠢᠨ 23 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠤᠷᠢᠳ ᠬᠤᠵᠢᠳ ᠡᠤ | ᠢ ᠡᠷᠡᠭᠦᠯ ᠬᠠᠮᠠᠭᠠᠯᠠᠯ ᠤᠨ ᠲᠥᠪ᠂ ᠰᠢᠤᠢ ᠯᠢᠨ ᠬᠡᠷ ᠪᠦᠯᠢ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠣᠯᠤᠨ | ᠬᠤᠲᠠ ᠶᠢᠨ ᠡᠮᠨᠡᠯᠭᠡ ᠶᠢᠨ ᠬᠤᠷᠢᠶ᠎ᠠ ᠪᠠᠷ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠵᠤ᠂ ᠥᠪᠡᠷᠲᠡᠭᠡᠨ | ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠭᠠᠯ ᠰᠡᠷᠭᠡᠶᠢᠯᠡᠵᠤ ᠤᠨᠲᠠᠷᠠᠭᠠᠬᠤ᠂ ᠵᠢᠵᠢᠭᠦᠷᠯᠡᠬᠦ | ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠵᠤ | ᠤᠨᠲᠠᠷᠠᠭᠠᠬᠤ ᠶᠡᠭᠡ ᠠᠩᠭᠢ ᠣᠷᠣᠯᠴᠠᠪᠠ᠃ ᠳᠠᠷᠠᠭ᠎ᠠ ᠨᠢ᠂ ᠬᠤᠲᠠ ᠶᠢᠨ ᠡᠮᠨᠡᠯᠭᠡ ᠶᠢᠨ ᠬᠤᠷᠢᠶ᠎ᠠ ᠳᠤ ᠡᠮ ᠡᠮᠨᠡᠯᠭᠡ ᠶᠢᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠠᠶᠢᠮᠠᠭ ᠤᠨ | ᠱᠠᠲᠤᠨ ᠤ ᠡᠭᠦᠷᠭᠡ ᠶᠢᠨ ᠨᠠᠷᠢᠨ ᠲᠠᠩᠰᠠ ᠶᠢ ᠪᠡᠶᠡᠯᠡᠭᠦᠯᠦᠭᠰᠡᠨ ᠪᠠᠶᠢᠳᠠᠯ ᠢ ᠰᠣᠨᠣᠰᠪᠠ᠃ | 1 ᠰᠠᠷ᠎ᠠ ᠶᠢᠨ 25 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠤᠲᠠ ᠶᠢᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢᠶᠠᠷ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ | ᠦᠵᠡᠪᠡ᠃ ᠠᠯᠪᠠᠨ ᠬᠡᠷ᠂ ᠲᠤᠷᠰᠢᠯᠲᠠ ᠶᠢᠨ ᠲᠠᠰᠤᠭ᠂ ᠵᠢᠵᠢᠭᠦᠷ ᠤᠨ ᠲᠠᠰᠤᠭ ᠵᠡᠷᠭᠡ ᠲᠠᠯᠠᠪᠤᠷ ᠢ ᠪᠠᠶᠢᠴᠠᠭᠠᠨ ᠦᠵᠡᠵᠦ᠂ | ᠭᠠᠯ ᠰᠡᠷᠭᠡᠶᠢᠯᠡᠵᠤ ᠤᠨᠲᠠᠷᠠᠭᠠᠬᠤ ᠲᠥᠬᠦᠭᠡᠷᠦᠮᠵᠢ ᠶᠢ ᠨᠠᠷᠢᠨ ᠨᠢᠮᠪᠠᠶ ᠪᠠᠶᠢᠴᠠᠭᠠᠵᠤ᠂ ᠪᠠᠭ᠎ᠠ ᠬᠡᠯᠪᠡᠷᠢ ᠶᠢᠨ ᠴᠠᠬᠢᠯᠭᠠᠨ | ᠬᠡᠷᠡᠭᠰᠡᠯ ᠢ ᠵᠢᠭᠰᠠᠭᠠᠨ ᠪᠠᠶᠢᠴᠠᠭᠠᠬᠤ᠂ ᠲᠤᠷᠰᠢᠯᠲᠠ ᠶᠢᠨ ᠪᠠᠭᠠᠵᠢ ᠬᠡᠷᠡᠭᠰᠡᠯ᠂ ᠰᠢᠨᠵᠢᠯᠡᠨ ᠰᠢᠯᠭᠠᠬᠤ ᠲᠤᠷᠰᠢᠯᠲᠠ ᠶᠢᠨ ᠡᠮ ᠢ | ᠬᠡᠷᠡᠭᠯᠡᠬᠦ ᠵᠡᠷᠭᠡ ᠲᠠᠯ᠎ᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | 1 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠤᠲᠠ ᠶᠢᠨ | ᠡᠮᠨᠡᠯᠭᠡ ᠶᠢᠨ ᠬᠤᠷᠢᠶ᠎ᠠ ᠪᠠᠷ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠦᠵᠡᠪᠡ᠃ ᠬᠦᠨᠳᠦ | ᠡᠪᠡᠳᠴᠢᠨ ᠤ ᠬᠢᠨᠠᠨ ᠬᠠᠮᠠᠭᠠᠯᠠᠬᠤ ᠲᠠᠰᠤᠭ᠂ ᠠᠯᠪᠠᠨ ᠭᠡᠷ᠂ ᠡᠩ ᠤᠨ ᠡᠪᠡᠳᠴᠢᠲᠡᠨ ᠤ ᠥᠷᠥᠭᠡ ᠵᠡᠷᠭᠡ ᠲᠠᠯᠠᠪᠤᠷ ᠢ ᠲᠡᠰ | ᠳᠠᠷᠠᠭᠠᠯᠠᠨ ᠪᠠᠶᠢᠴᠠᠭᠠᠨ ᠦᠵᠡᠵᠦ᠂ ᠴᠠᠬᠢᠯᠭᠠᠨ ᠬᠡᠷᠡᠭᠰᠡᠯ ᠤᠨ ᠬᠡᠷᠡᠭᠯᠡᠯᠲᠡ᠂ ᠲᠠᠮᠠᠬᠢ ᠲᠠᠲᠠᠬᠤ ᠵᠡᠷᠭᠡ ᠠᠵᠢᠯᠯᠠᠭ᠎ᠠ ᠶᠢ | ᠴᠢᠩᠳᠠᠯᠠᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠳᠡᠢ ᠭᠡᠵᠤ | ᠱᠠᠭᠠᠷᠳᠠᠪᠠ᠃ | 1 ᠰᠠᠷ᠎ᠠ ᠶᠢᠨ 29 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ᠂ ᠶᠠ ᡁᠢ ᠶᠦᠩ ᠯᠧ | ᠬᠤᠢ ᠤᠬᠢᠶᠠᠯᠭ᠎ᠠ᠂ ᠬᠢᠩᠭᠠᠨ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠬᠤᠳᠠᠯᠳᠤᠭᠠᠴᠢᠨ ᠡᠷᠦᠬᠡ᠂ ᠵᠠᠨ ᠯᠠᠩ | ᠴᠠᠬᠢᠯᠭᠠᠨ ᠲᠣᠭᠯᠠᠭᠠᠮ ᠵᠢᠴᠢ ᠱᠠ ᠢᠤᠢ ᠴᠠᠬᠢᠯᠭᠠᠨ ᠲᠤᠭᠯᠠᠭᠠᠮ ᠤᠨ ᠲᠠᠯᠠᠪᠤᠷ ᠢᠶᠠᠷ ᠬᠦᠷᠴᠦ ᠠᠶᠤᠯᠭᠦᠶ | ᠦᠢᠯᠡᠳᠪᠦᠷᠢᠯᠡᠯ ᠤᠨ ᠪᠠᠶᠢᠴᠠᠭᠠᠯᠲᠠ ᠬᠢᠪᠠ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠭᠠᠯ ᠰᠡᠷᠭᠡᠶᠢᠯᠡᠵᠤ | ᠤᠨᠲᠠᠷᠠᠭᠠᠬᠤ ᠲᠥᠬᠦᠭᠡᠷᠦᠮᠵᠢ᠂ ᠭᠠᠯ ᠤᠨᠲᠠᠷᠠᠭᠠᠭᠤᠷ ᠤᠨ ᠬᠡᠷᠡᠭᠯᠡᠯᠲᠡ᠂ ᠴᠠᠬᠢᠯᠭᠠᠨ ᠬᠡᠯᠬᠢᠶ᠎ᠡ ᠴᠠᠬᠢᠯᠭᠠᠨ ᠤᠲᠠᠰᠤ᠂ | ᠤᠳᠤᠭ᠎ᠠ ᠲᠣᠭᠤᠰᠣᠨ ᠤ ᠠᠮᠤᠷ ᠲᠦᠪᠰᠢᠨ ᠵᠡᠷᠭᠡ ᠲᠠᠯ᠎ᠠ ᠪᠠᠷ ᠨᠠᠷᠢᠨ ᠣᠶᠢᠯᠠᠭᠠᠵᠤ᠂ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠤᠮᠤ ᠬᠡᠯᠪᠡᠷᠢ ᠶᠢᠨ ᠬᠤᠳᠠᠯᠳᠤᠭᠠᠨ ᠤ | ᠡᠷᠦᠬᠡ᠂ ᠬᠥᠮᠦᠨ ᠬᠠᠷ᠎ᠠ ᠲᠥᠪᠯᠡᠷᠡᠭᠰᠡᠨ ᠭᠠᠵᠠᠷ ᠢ ᠭᠤᠣᠯᠳᠠᠯᠭ᠎ᠠ ᠲᠠᠢ ᠠᠩᠬᠠᠷᠴᠤ᠂ ᠤᠯᠠᠨ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠢᠩᠭᠠᠨ ᠬᠡᠷᠡᠭ ᠡᠷᠬᠢᠯᠡᠬᠦ ᠭᠠᠵᠠᠷ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠰᠡᠷᠭᠡᠶᠢᠯᠡᠵᠤ | ᠤᠨᠲᠠᠷᠠᠭᠠᠬᠤ ᠶᠡᠭᠡ ᠠᠩᠭᠢ ᠣᠷᠣᠯᠴᠠᠪᠠ᠃ |