ᠬᠤᠳᠠ ᠶᠢᠨ ᠲᠡᠳ᠋ ᠲᠠᠷᠤᠭ᠎ᠠ ᠵᠠᠩ ᠵᠢᠩ ᠵᠢᠩ ᠤᠨ 2024 ᠤᠨ ᠤ 2 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ  ᠤᠨ ᠲᠡᠮᠳᠡᠭᠯᠡᠯ
ᠨᠡᠶᠢᠲᠡᠯᠡᠭᠰᠡᠨ ᠴᠠᠭ᠄
2024/9/29
   2 ᠰᠠᠷ᠎ᠠ ᠶᠢᠨ 6 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠤᠲᠠ ᠶᠢᠨ ᠡᠮᠨᠡᠯᠭᠡ ᠶᠢᠨ ᠬᠤᠷᠢᠶ᠎ᠠ ᠪᠠᠷ ᠬᠦᠷᠴᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠲᠣᠬᠤᠨᠢᠭᠤᠯᠪᠠ᠃ ᠪᠦᠬᠦ ᠬᠤᠷᠢᠶᠠᠨ ᠤ ᠺᠠᠳ᠋ᠷ ᠠᠵᠢᠯᠲᠠᠳ ᠤᠨ ᠨᠢᠭᠡ ᠵᠢᠯ ᠤᠨ ᠰᠢᠷᠭᠠᠭᠤ ᠴᠢᠷᠮᠠᠶᠢᠯᠭ᠎ᠠ ᠶᠢ ᠨᠤᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠷᠣᠯᠴᠠᠪᠠ᠃    2 ᠰᠠᠷ᠎ᠠ ᠶᠢᠨ 23 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠤᠯᠠᠭᠠᠨᠬᠠᠳᠠ᠂ ᠢᠯᠠᠯᠲᠠ᠂  ᠡᠾᠧ ᠫᠢᠩ ᠵᠢᠴᠢ ᠬᠤᠲᠠ ᠶᠢᠨ ᠲᠡᠭᠦᠷᠭᠡ ᠪᠠᠷ ᠬᠦᠷᠴᠦ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠰᠢᠶᠠᠩ ᠪᠠᠯᠭᠠᠰᠤ ᠠᠮᠤ ᠪᠤᠳᠠᠭ᠎ᠠ ᠬᠤᠳᠠᠯᠳᠤᠬᠤ ᠪᠠ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠵᠠᠩᠭᠢᠯᠠᠭ᠎ᠠ ᠶᠢᠨ ᠴᠡᠭ ᠢ ᠵᠠᠪᠳᠤᠨ ᠠᠳᠬᠤᠵᠤ᠂ ᠦᠨᠳᠦᠰᠦᠨ ᠱᠠᠲᠤᠨ ᠤ ᠠᠵᠢᠯ ᠲᠠᠢ ᠤᠶᠠᠯᠳᠤᠭᠤᠯᠤᠨ ᠡᠷᠦᠬᠡ ᠪᠠᠷ ᠭᠦᠨᠵᠡᠬᠡᠶᠢᠷᠡᠨ ᠤᠬᠠᠭᠤᠯᠵᠤ᠂ ᠨᠠᠰᠤᠨ ᠳᠤ ᠥᠯᠥ ᠭᠦᠷᠦᠭᠰᠡᠳ ᠢ ᠭᠤᠤᠯᠳᠠᠯᠭ᠎ᠠ ᠲᠠᠢ ᠠᠩᠬᠠᠷᠴᠤ᠂ ᠡᠷᠬᠡᠪᠰᠢ ᠲᠤᠰᠢᠶᠠᠬᠤ ᠶᠣᠰᠣᠲᠠᠶ ᠶᠢ ᠨᠢ ᠪᠦᠬᠦᠨ ᠢ ᠲᠤᠰᠢᠶᠠᠬᠤ ᠬᠡᠷᠡᠭᠲᠡᠶ ᠭᠡᠵᠤ ᠱᠠᠭᠠᠷᠳᠠᠪᠠ᠃ ᠬᠤᠲᠠ ᠶᠢᠨ ᠡᠮ ᠡᠮᠨᠡᠯᠭᠡ ᠶᠢᠨ ᠳᠠᠭᠠᠳᠭᠠᠯ ᠤᠨ ᠲᠣᠪᠴᠢᠶ᠎ᠠ ᠣᠷᠣᠯᠴᠠᠪᠠ᠃  
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号