| 3 ᠰᠠᠷ᠎ᠠ ᠶᠢᠨ 7 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠤᠷᠢᠳ ᠬᠤᠵᠢᠳ | ᠨᠠᠢᠮᠠᠳᠤᠭᠠᠷ ᠳᠤᠮᠳᠠᠳᠤ ᠰᠤᠷᠭᠠᠭᠤᠯᠢ᠂ ᠬᠢᠩᠭᠠᠨ ᠬᠤᠶᠠᠳᠤᠭᠠᠷ ᠪᠠᠭ᠎ᠠ ᠰᠤᠷᠭᠠᠭᠤᠯᠢ᠂ ᠬᠢᠩᠭᠠᠨ ᠬᠡᠷᠡᠭ ᠡᠷᠬᠢᠯᠡᠬᠦ ᠭᠠᠵᠠᠷ | ᠵᠢᠴᠢ ᠳᠡᠭᠦᠯᠢᠨ ᠬᠡᠷᠡᠭ ᠡᠷᠬᠢᠯᠡᠬᠦ ᠭᠠᠵᠠᠷ ᠢᠶᠠᠷ ᠬᠦᠷᠴᠦ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ | ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ | ᠰᠤᠷᠭᠠᠨ ᠬᠥᠮᠦᠵᠢᠯ ᠤᠨ ᠲᠣᠪᠴᠢᠶ᠎ᠠ ᠣᠷᠣᠯᠴᠠᠪᠠ᠃ | 3 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ︽ᠤᠷᠢᠬᠠᠨ ᠰᠠᠯᠬᠢᠨ ᠤ | ᠠᠵᠢᠯᠯᠠᠭ᠎ᠠ︾ ᠶᠢᠨ ᠶᠡᠷᠤᠩᠬᠡᠢ ᠲᠥᠷᠥᠯ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠵᠤ᠂ ᠳᠠᠷᠠᠭ᠎ᠠ ᠨᠢ | ᠲᠡᠮᠦᠷ ᠵᠠᠮ ᠤᠨ ᠪᠠᠷᠠᠭᠤᠨᠳᠠᠬᠢ ᠵᠡᠭᠡᠯᠢ ᠶᠢᠨ ᠺᠤᠸᠠᠩ ᠴᠢᠤᠸᠠᠨ ᠨᠡᠶᠢᠭᠡᠮ ᠲᠣᠭᠤᠷᠢᠭ᠂ ᠠᠶᠢᠮᠠᠭ ᠤᠨ ᠭᠤᠤᠯ ᠴᠡᠴᠡᠷᠯᠢᠭ ᠤᠨ | ᠵᠠᠮ ᠤᠨ ᠡᠮᠤᠨᠡᠳᠡᠬᠢ ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠠᠷᠠᠯᠲᠠ ᠶᠢᠨ ᠦᠷᠳᠡᠭᠡ᠂ | ᠸᠠᠨ ᠳ᠋ᠠ ᠬᠤᠳᠠᠯᠳᠤᠭᠠᠨ ᠤ ᠲᠠᠯᠠᠪᠠᠶ ᠶᠢᠨ 2 ᠳ᠋ᠤᠭᠠᠷ ᠨᠤᠮᠧᠷ ᠢᠶᠠᠷ ᠣᠷᠣᠬᠤ ᠡᠭᠦᠳᠡ ᠶᠢᠨ ᠨᠢᠭᠡᠳᠦᠭᠡᠷ ᠲᠠᠪᠬᠤᠷᠯᠢᠭ ᠢᠶᠠᠷ | ᠬᠦᠷᠴᠦ ᠰᠤᠯᠠ ᠠᠵᠢᠯ ᠤᠨ ᠵᠠᠬ᠎ᠠ ᠳᠡᠯᠭᠡᠭᠦᠷ᠂ ᠠᠵᠢᠯ ᠤᠨ ᠪᠠᠶᠢᠷᠢ ᠠᠴᠠ ᠰᠢᠭᠤᠳ ᠨᠡᠪᠲᠡᠷᠡᠭᠦᠯᠭᠡ ᠬᠢᠬᠦ ᠲᠠᠰᠤᠭ ᠵᠢᠴᠢ | ᠬᠤᠩ ᠶᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠮᠦᠷ ᠵᠠᠮ ᠤᠨ | ᠪᠠᠷᠠᠭᠤᠨᠳᠠᠬᠢ ᠬᠡᠷᠡᠭ ᠡᠷᠬᠢᠯᠡᠬᠦ ᠭᠠᠵᠠᠷ᠂ ᠲᠢᠶᠠᠨ ᠵᠢᠶᠣᠤ ᠬᠡᠷᠡᠭ ᠡᠷᠬᠢᠯᠡᠬᠦ ᠭᠠᠵᠠᠷ ᠤᠨ ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ | ᠣᠷᠣᠯᠴᠠᠪᠠ᠃ | 3 ᠰᠠᠷ᠎ᠠ ᠶᠢᠨ 25 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠥᠪᠡᠷᠲᠡᠭᠡᠨ ᠵᠠᠰᠠᠬᠤ | ᠣᠷᠣᠨ ᠤ ᠪᠠᠶᠢᠴᠠᠭᠠᠬᠤ ᠳᠤᠭᠤᠶᠢᠯᠠᠩ ᠳᠤ ᠪᠠᠷ᠎ᠠ ᠪᠣᠯᠵᠤ ᠭᠡᠭᠡᠨᠰᠦ᠋ᠮ᠎ᠡ᠂ ᠤᠯᠠᠭᠠᠨᠬᠠᠳᠠ ᠵᠢᠴᠢ ᠢᠯᠠᠯᠲᠠ ᠪᠠᠯᠭᠠᠰᠤ ᠪᠠᠷ | ᠬᠦᠷᠴᠦ ᠤᠯᠤᠰ ᠤᠨ ᠡᠷᠡᠭᠦᠯ ᠬᠠᠮᠠᠭᠠᠯᠠᠯ ᠤᠨ ᠰᠤᠮᠤ ᠰᠢᠶᠠᠩ ᠪᠠᠯᠭᠠᠰᠤᠨ ᠤ ᠲᠤᠬᠠᠶ ᠶᠢᠨ ᠲᠠᠯᠠᠪᠤᠷ ᠤᠨ ᠦᠨᠡᠯᠡᠨ ᠵᠢᠱᠢᠬᠦ | ᠠᠵᠢᠯ ᠥᠷᠨᠢᠭᠦᠯᠪᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠷᠣᠯᠴᠠᠪᠠ᠃ | 3 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠤᠲᠠ ᠶᠢᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢᠶᠠᠷ ᠬᠦᠷᠴᠦ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ ᠪᠠᠶᠠᠷ ᠤᠨ | ᠦᠭᠡ ᠬᠡᠯᠡᠪᠡ᠃ ᠳᠠᠷᠠᠭ᠎ᠠ ᠨᠢ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯ ᠤᠨ ᠬᠠᠷᠢᠭᠤ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ | ᠦᠢᠯᠡᠳᠪᠦᠷᠢᠯᠡᠯ᠂ ᠡᠮᠴᠢᠯᠡᠭᠡ ᠰᠡᠷᠭᠡᠶᠢᠯᠡᠯᠲᠡ ᠶᠢ ᠠᠭᠤᠰᠤᠯᠴᠠᠭᠤᠯᠬᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | 3 ᠰᠠᠷ᠎ᠠ ᠶᠢᠨ 27 ᠤ ᠦᠳᠡ ᠶᠢᠨ ᠡᠮᠦᠨ᠎ᠡ᠂ ᠬᠤᠲᠠ ᠶᠢᠨ ᠳᠡᠳ᠋ ᠳᠠᠷᠤᠭ᠎ᠠ ᠵᠠᠩ ᠵᠢᠩ ᠵᠢᠩ ᠬᠤᠲᠠ ᠶᠢᠨ ᠡᠬᠡ | ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠠᠷ ᠬᠦᠷᠴᠦ ᠬᠡᠤᠬᠡᠳ ᠤᠨ ᠨᠢᠳᠦᠨ ᠤ ᠰᠠᠯᠠᠭᠠᠨ ᠤ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠪᠠᠶᠢᠴᠠᠭᠠᠨ ᠦᠵᠡᠵᠦ᠂ ᠳᠠᠷᠠᠭ᠎ᠠ ᠨᠢ ᠽᠦᠸᠧ ᠠᠨ ᠱᠠᠩ ᠫᠢᠨ ᠵᠡᠭᠦᠨ ᠲᠠᠯ᠎ᠠ ᠶᠢᠨ ᠭᠠᠵᠠᠷ ᠢᠶᠠᠷ ᠬᠦᠷᠴᠦ | ᠡᠮᠴᠢᠯᠡᠭᠡᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠶᠢᠳᠠᠯ ᠢ ᠪᠠᠶᠢᠴᠠᠭᠠᠨ ᠦᠵᠡᠪᠡ᠃ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠷᠣᠯᠴᠠᠪᠠ᠃ | |