| ᠠᠵᠢᠯ ᠤᠨ ᠲᠠᠷᠤᠭᠠᠰᠦ᠂ ᠠᠮᠢᠳᠤᠷᠠᠯ ᠠᠴᠠ ᠪᠤᠯᠤᠭᠰᠠᠨ ᠠᠯᠢᠪᠠ ᠤᠴᠢᠷ ᠨᠢ ᠬᠦᠮᠦᠰ ᠢ ᠦᠷᠬᠦᠯᠵᠢ | ᠶᠠᠳᠠᠷᠠᠭ᠎ᠠ ᠳᠤ ᠠᠪᠲᠠᠭᠤᠯᠳᠠᠭ᠃ ᠡᠶᠢᠮᠤᠷᠬᠦᠦ ᠪᠠᠶᠢᠳᠠᠯ ᠳᠤ ᠪᠢᠳᠠ ᠬᠡᠷᠬᠢᠨ ᠪᠡᠶ᠎ᠡ ᠰᠡᠳᠭᠢᠯ ᠢᠶᠠᠨ ᠲᠠᠶᠢᠪᠤᠩ | ᠪᠠᠶᠢᠯᠭᠠᠬᠤ ᠪᠤᠢ︖ ᠡᠨᠡ ᠲᠤᠬᠠᠢ ᠡᠮᠴᠢ ᠶᠢᠨ ᠰᠠᠨᠠᠭᠤᠯᠭ᠎ᠠ ᠪᠠᠷ ᠲᠤᠤᠷᠠᠬᠢ ᠬᠡᠲᠦᠨ ᠲᠠᠯ᠎ᠠ ᠶᠢᠨ ᠵᠦᠪᠯᠡᠯᠭᠡ ᠶᠢ | ᠬᠦᠷᠭᠡᠵᠦ ᠪᠠᠶᠢᠨ᠎ᠠ᠃ | ᠠᠮᠢᠰᠬᠤᠯ ᠢᠶᠠᠷ ᠲᠠᠶᠢᠪᠤᠰᠢᠷᠠᠬᠤ ᠠᠷᠭ᠎ᠠ᠄ ᠬᠦᠨ ᠠᠮᠢᠰᠬᠤᠭ᠎ᠠ ᠠᠪᠬᠤ ᠨᠢ ᠭᠡᠨᠡᠳᠳᠡ ᠶᠢᠨ ᠠᠭᠤᠷ ᠤᠴᠠᠭᠠᠷ ᠢ | ᠨᠠᠮᠳᠠᠭᠠᠵᠤ ᠲᠡᠶᠢᠯᠦᠨ᠎ᠡ᠃ ᠳᠠᠷᠤᠢ ᠭᠦᠨ ᠠᠮᠢᠰᠬᠤᠭᠠᠳ ᠠᠮᠢᠰᠬᠤᠯ ᠢᠶᠠᠨ ᠠᠯᠭᠤᠷ ᠬᠡᠪᠡᠯᠢ ᠶᠢᠨ ᠬᠡᠰᠡᠭ ᠲᠡᠭᠡᠨ | ᠬᠦᠷᠭᠡᠵᠦ᠂ ᠲᠠᠷᠠᠭ᠎ᠠ ᠨᠢ ᠬᠠᠪᠢᠷᠭ᠎ᠠ ᠶᠢᠨ ᠶᠠᠰᠤᠨ ᠤ ᠬᠡᠰᠡᠭ ᠲᠡᠭᠡᠨ ᠬᠦᠷᠭᠡᠵᠦ᠂ ᠲᠠᠬᠢᠨ ᠠᠭᠠᠵᠢᠮ ᠢᠶᠠᠷ ᠠᠮᠢᠰᠬᠤᠨ | ᠭᠠᠷᠭᠠᠬᠤ ᠶᠢ ᠬᠡᠯᠡᠨ᠎ᠡ᠃ | ᠪᠤᠯᠴᠢᠩ ᠰᠢᠷᠪᠤᠰᠦ ᠪᠠᠷ ᠲᠠᠶᠢᠪᠤᠰᠢᠷᠠᠭᠤᠯᠬᠤ ᠠᠷᠭ᠎ᠠ᠄ 3 ᠮᠢᠨᠦ᠋ᠲ ᠤᠨ ᠲᠤᠳᠤᠷ᠎ᠠ ᠲᠤᠤᠷᠠᠬᠢ ᠮᠡᠲᠦ | ᠬᠦᠳᠡᠯᠭᠡᠭᠡᠨ ᠢ ᠲᠠᠬᠢᠨ ᠲᠠᠪᠳᠠᠨ ᠬᠢᠵᠦ ᠲᠠᠶᠢᠪᠤᠰᠢᠷᠠᠭᠤᠯᠬᠤ︔ ① ᠨᠢᠲᠤ ᠪᠠᠨ ᠠᠨᠢᠭᠠᠳ ᠰᠠᠭᠤᠬᠤ᠃ ②6 | ᠰᠧᠺᠦ᠋ᠨ᠋ᠳ᠋ ᠪᠦᠷᠢ ᠳᠤ ᠠᠮᠢᠰᠬᠤᠬᠤ ᠳᠠᠭᠠᠨ ᠪᠤᠯᠴᠢᠩ ᠰᠢᠷᠪᠤᠰᠦ ᠪᠠᠨ ᠴᠢᠩᠭᠠᠯᠠᠨ᠎ᠠ᠃ ③ ᠠᠯᠭᠤᠷ ᠢᠶᠠᠷ ᠠᠮᠢᠰᠬᠤᠨ | ᠭᠠᠷᠭᠠᠬᠤ ᠶᠢᠨ ᠲᠠᠭᠠᠦ ᠪᠡᠶ᠎ᠡ ᠪᠠᠨ ᠰᠤᠯᠠ ᠲᠠᠯᠪᠢᠵᠤ᠂ ᠠᠶᠢᠵᠠᠮ ᠲᠠᠢ ᠪᠠᠷ ᠬᠤᠷᠢᠨ ᠮᠢᠨᠦ᠋ᠲ ᠠᠮᠢᠰᠬᠤᠭ᠎ᠠ ᠠᠪᠤᠨ᠎ᠠ᠃ | ④ ᠬᠤᠶᠠᠷ ᠤᠳᠠᠭ᠎ᠠ ᠲᠠᠪᠳᠠᠵᠤ ᠬᠢᠨ᠎ᠡ᠃ | ᠪᠡᠶ᠎ᠡ ᠪᠠᠨ ᠬᠠᠯᠠᠭᠤᠨ ᠤᠰᠤᠨ ᠳᠤ ᠲᠡᠪᠲᠦᠭᠡᠬᠦ᠄ ᠬᠠᠯᠠᠭᠤᠨ ᠤᠰᠤ ᠪᠠᠷ ᠪᠡᠶ᠎ᠡ ᠪᠠᠨ ᠤᠬᠢᠶᠠᠬᠤ ᠪᠤᠯ ᠬᠠᠮᠤᠭ ᠤᠨ | ᠰᠠᠶᠢᠨ ᠲᠠᠶᠢᠪᠤᠰᠢᠷᠠᠭᠤᠯᠬᠤ ᠠᠷᠭ᠎ᠠ ᠪᠤᠯᠤᠨ᠎ᠠ᠃ ᠡᠨᠡ ᠦᠶ᠎ᠡ ᠳᠤ ᠪᠡᠶ᠎ᠡ ᠪᠠᠨ ᠰᠤᠯᠠ ᠪᠠᠶᠢᠯᠭᠠᠵᠤ᠂ ᠬᠠᠮᠤᠭ ᠤᠨ | ᠰᠠᠶᠢᠨ ᠨᠢ ᠪᠡᠶ᠎ᠡ ᠶᠢᠨ ᠲᠤᠯᠠᠭᠠᠨ ᠠᠴᠠ ᠵᠢᠭᠠᠬᠠᠨ ᠦᠨᠲᠦᠷ ᠬᠠᠯᠠᠭᠤᠨ ᠤᠰᠤᠨ ᠳᠤ ᠲᠡᠪᠳᠦᠭᠡᠵᠦ᠂ 15 ᠮᠢᠨᠦ᠋ᠲ ᠢ | ᠬᠡᠲᠦᠷᠡᠬᠦ ᠦᠭᠡᠢ ᠪᠠᠶᠢᠪᠠᠯ ᠵᠤᠬᠢᠨ᠎ᠠ᠃ | ᠠᠯᠬᠤᠬᠤ᠄ ᠰᠤᠯᠠ ᠠᠯᠬᠤᠬᠤ ᠨᠢ ᠪᠠᠴᠢᠮ ᠰᠠᠨᠳᠤᠷᠤᠤ ᠤᠷᠮ᠎ᠠ ᠰᠡᠳᠭᠢᠯᠭᠡ ᠶᠢ ᠨᠠᠮᠳᠠᠭᠠᠵᠤ᠂ ᠦᠷ᠎ᠡ | ᠪᠦᠲᠦᠮᠵᠢ ᠨᠢ 1-2 ᠴᠠᠭ ᠦᠷᠬᠦᠯᠵᠢᠯᠡᠨ᠎ᠡ᠃ | ᠬᠦᠳᠡᠯᠭᠡᠭᠡᠨ ᠬᠢᠬᠦ᠄ ᠳᠠᠷᠤᠭᠠᠰᠤ ᠶᠢ ᠬᠦᠡᠭᠭᠡᠯᠡᠬᠦ ᠬᠠᠮᠤᠭ ᠤᠨ ᠪᠤᠳᠠᠳᠠᠢ ᠠᠷᠭ᠎ᠠ ᠪᠤᠯᠤᠨ᠎ᠠ᠃ 40 ᠮᠢᠨᠦ᠋ᠲ ᠤᠨ | ᠬᠦᠳᠡᠯᠭᠡᠭᠡᠨ ᠬᠢᠪᠡᠯ ᠰᠡᠳᠬᠢᠯ ᠰᠠᠨᠠᠭ᠎ᠠ ᠶᠢ 3 ᠴᠠᠭ ᠳᠠᠶᠢᠪᠤᠰᠢᠷᠠᠭᠤᠯᠤᠨᠠ᠃ | ᠰᠡᠳᠭᠢᠴᠡ ᠶᠢᠨ ᠵᠦᠪᠯᠡᠯᠭᠡ ᠬᠦᠯᠢᠶᠡᠬᠦ᠄ ᠥᠪᠡᠷ ᠢ ᠪᠠᠨ ᠲᠠᠶᠢᠪᠤᠰᠢᠷᠠᠭᠤᠯᠵᠤ ᠳᠡᠶᠢᠯᠬᠦ ᠦᠭᠡᠢ ᠪᠠᠶᠢᠳᠠᠯ ᠳᠣᠣᠷ᠎ᠠ | ᠰᠡᠳᠬᠢᠴᠡ ᠵᠠᠰᠠᠯ ᠤᠨ ᠬᠦᠮᠦᠰ ᠠᠴᠠ ᠲᠤᠰᠠᠯᠠᠮᠵᠢ ᠬᠦᠰᠡᠵᠦ ᠪᠤᠯᠤᠨ᠎ᠠ᠃ | | |