ᠬᠤᠲᠠ ᠶᠢᠨ ᠳᠡᠳ᠋ ᠳᠠᠷᠤᠭ᠎ᠠ ᠽᠦᠸᠧ ᠶᠠᠨ  ᠤ 2024 ᠤᠨ ᠤ 3 ᠳ᠋ᠤᠭᠠᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/9/30
   3 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠦᠸᠧ ᠶᠠᠨ᠂  ᠯᠢ ᠶᠢᠩ ᠺᠦᠨ ᠬᠤᠲᠠ ᠶᠢᠨ ᠳᠡᠳ᠋ ᠳᠠᠷᠤᠭ᠎ᠠ ᠲᠠᠢ ᠬᠠᠮᠳᠤ ᠲᠤᠤ ᠨᠠᠨ ᠬᠤᠲᠠ ᠶᠢᠨ ᠹᠦ᠋ ᠱᠦᠨ ᠪᠠᠯᠭᠠᠰᠤ ᠪᠠᠷ ᠬᠦᠷᠴᠦ ᠯᠠᠵᠤᠤ ᠶᠢᠨ ᠠᠵᠤ ᠦᠢᠯᠡᠰ ᠢ ᠰᠢᠨᠵᠢᠯᠡᠨ ᠪᠠᠶᠢᠴᠠᠭᠠᠪᠠ᠃    3 ᠰᠠᠷ᠎ᠠ ᠶᠢᠨ 6 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠦᠸᠧ ᠶᠠᠨ ᠬᠠᠷᠠᠮᠥ᠋ᠷᠡᠨ ᠮᠤᠵᠢ ᠶᠢᠨ ᠲᠠᠶᠢᠯᠠᠢ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠦᠮᠤᠰ ᠲᠤ ᠪᠠᠷ᠎ᠠ ᠪᠣᠯᠵᠤ ᠬᠢᠩᠭᠠᠨ ᠤ ᠰᠢᠨ᠎ᠠ ᠶᠢ ᠡᠬᠦᠳᠬᠦ · ᠪᠠᠶᠡᠴᠢᠯᠡᠨ ᠤᠶᠢᠯᠠᠭᠠᠬᠤ ᠲᠦᠪ ᠢᠶᠠᠷ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠳᠤ ᠣᠷᠣᠯᠴᠠᠪᠠ᠃    3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠦᠸᠧ ᠶᠠᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ ᠬᠢᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠬᠦᠮᠤᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    3 ᠰᠠᠷ᠎ᠠ ᠶᠢᠨ 18 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠦᠸᠧ ᠶᠠᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠪᠠᠷ ᠬᠦᠷᠴᠦ ᠠᠶᠢᠮᠠᠭ ᠤᠨ ᠬᠥᠯ ᠪᠥᠮᠪᠦᠭᠡ ᠶᠢᠨ ᠨᠡᠶᠢᠭᠡᠮᠯᠢᠭ ᠲᠤ ᠬᠦᠯ ᠪᠦᠮᠪᠦᠭᠡ ᠬᠠᠨᠳᠢᠪᠯᠠᠬᠤ ᠠᠵᠢᠯᠯᠠᠭ᠎ᠠ ᠦᠷᠨᠢᠬᠦᠯᠪᠡ᠃    3 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠦᠸᠧ ᠶᠠᠨ᠂  ᠯᠢᠩ ᠴᠤᠸᠠᠩ ᠤᠶᠢᠯᠡᠳᠭᠡᠯ ᠤᠨ ᠭᠠᠵᠠᠷ ᠢᠶᠠᠷ ᠬᠦᠷᠴᠦ ᠪᠠᠷᠢᠯᠭ᠎ᠠ ᠶᠢᠨ ᠠᠵᠢᠯ ᠤᠨ ᠠᠬᠢᠴᠠ ᠶᠢ ᠲᠠᠭᠠᠪᠠ᠃    3 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠦᠸᠧ ᠶᠠᠨ ᠬᠢᠨᠠᠨ ᠪᠣᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    3 ᠰᠠᠷ᠎ᠠ ᠶᠢᠨ 29 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠦᠸᠧ ᠶᠠᠨ 2024 ᠣᠨ ᠤ ︽ᠥᠪᠥᠷ ᠮᠣᠩᠭᠤᠯ ᠤᠨ ᠬᠠᠪᠤᠷ ᠤᠨ ᠤᠷᠢᠯᠭ᠎ᠠ - ᠬᠠᠪᠤᠷ ᠤᠨ ᠤᠯᠠᠷᠢᠯ ᠤᠨ ᠤᠮᠠᠷᠠᠲᠤ ᠬᠢᠯᠢ ᠪᠠᠷ ᠵᠢᠭᠤᠯᠴᠢᠯᠠᠵᠤ · ᠬᠢᠩᠭᠠᠨ ᠳᠤ ᠪᠤᠯᠵᠤᠬᠤ︾ ᠬᠢᠩᠭᠠᠨ ᠠᠶᠢᠮᠠᠭ ᠤᠨ ᠬᠠᠪᠤᠷ ᠤᠨ ᠤᠯᠠᠷᠢᠯ ᠤᠨ ᠵᠢᠭᠤᠯᠴᠢᠯᠠᠯ ᠢ ᠨᠡᠶᠢᠲᠡᠯᠡᠬᠦ ᠬᠤᠷᠠᠯ ᠵᠢᠴᠢ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号