ᠲᠤᠮᠳᠠᠳᠤ ᠶᠢᠨ ᠦᠨᠳᠤᠰᠤᠳᠡᠨ ᠨᠢᠭᠡ ᠭᠡᠷ ᠮᠡᠳᠤ ᠲᠤᠳᠤᠨᠤ — ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠵᠦ ᠪᠠᠶᠢᠭ᠎ᠠ ᠹᠦ᠋ ᠠᠨ ᠨᠡᠶᠢᠭᠡᠮ ᠲᠤᠭᠤᠷᠢᠭ
ᠨᠡᠶᠢᠲᠡᠯᠡᠭᠰᠡᠨ ᠴᠠᠭ᠄
2024/9/4
   ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ᠶᠢᠨ ᠲᠢᠶᠠᠨ ᠵᠢᠶᠤᠤ ᠵᠡᠭᠡᠯᠢ ᠶᠢᠨ ᠹᠦ᠋ ᠠᠨ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠨᠢᠭᠡ︾ ᠶᠢᠨ ᠠᠵᠢᠯ ᠤᠨ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠦᠢᠯᠡᠴᠢᠯᠡᠭᠡ ᠪᠠᠲᠤᠯᠠᠭ᠎ᠠ ᠶᠢ ᠳᠡᠬᠦᠯᠳᠡᠷᠵᠢᠬᠦᠯᠤᠨ᠂ ᠰᠣᠶᠣᠯ ᠢᠶᠠᠷ ᠠᠬᠢᠭᠤᠯᠬᠤ ᠵᠡᠷᠭᠡ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠳᠠᠭᠠᠭᠤᠯᠵᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠴᠡᠴᠡᠭᠡᠰ ᠢ ᠳᠠᠯᠭᠡᠷᠡᠬᠦᠯᠦᠭᠰᠡᠨ ᠪᠠᠶᠢᠨ᠎ᠠ᠃    ᠨᠠᠮ ᠤᠨ ᠪᠠᠶᠢᠭᠤᠯᠤᠯᠲᠠ ᠪᠠᠷ ᠬᠦᠳᠤᠯᠤᠨ ᠳᠠᠭᠠᠭᠤᠯᠵᠦ ᠬᠠᠷᠢᠯᠴᠠᠨ ᠠᠬᠢᠭᠤᠯᠪᠠ᠃ ᠹᠦ᠋ ᠠᠨ ᠨᠡᠶᠢᠭᠡᠮ ᠲᠣᠭᠤᠷᠢᠭ ᠢᠮᠠᠭᠲᠠ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠠᠵᠢᠯ ᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠶᠡᠭᠡ ᠪᠠᠶᠢᠷᠢᠰᠢᠯ ᠳᠤ ᠨᠢᠭᠲᠠ ᠠᠭᠤᠰᠤᠯᠴᠠᠭᠤᠯᠵᠠᠢ᠃ ᠵᠢᠯ ᠤᠨ ᠡᠬᠢᠨ ᠠᠴᠠ ᠨᠠᠭᠠᠰᠢ᠂ ᠳᠤᠰ ᠨᠡᠶᠢᠭᠡᠮ ᠳᠤᠭᠤᠷᠢᠬ ︽ᠠᠷᠪᠠᠨ ᠨᠢᠭᠡ︾ ᠬᠤᠪᠢᠰᠬᠠᠯᠳᠦ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠨᠡᠶᠢᠲᠡ 30 ᠭᠠᠷᠤᠶ ᠤᠳᠠᠭ᠎ᠠ ᠥᠷᠨᠢᠭᠦᠯᠵᠦ᠂ ︽ᠲᠤᠤᠷᠵᠢᠭᠤᠯᠤᠯᠳᠠ + ᠸᠢᠴᠠᠲ︾ ᠤᠨ ᠰᠦᠯᠵᠢᠶᠡᠨ ᠳᠡᠭᠡᠷᠡᠬᠢ ᠦᠢᠯᠡᠴᠢᠯᠡᠭᠡ ᠪᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠠᠭᠤᠰᠤᠯᠴᠠᠭᠤᠯᠤᠨ᠂ ᠤᠤᠯ ᠤᠨ ︽ᠰᠢᠶᠤᠤ ᠠᠨ ᠣᠷᠣᠯᠠᠨ ᠭᠦᠢᠴᠡᠳᠭᠡᠬᠦ︾ ᠰᠦᠯᠵᠢᠶᠡᠨ ᠳᠡᠭᠡᠷᠡᠬᠢ ᠵᠢᠵᠢᠭ ᠳᠠᠪᠴᠠᠩ ᠤᠨ ᠰᠠᠭᠤᠷᠢᠨ ᠳᠡᠭᠡᠷ᠎ᠡ᠂ ︽ᠺᠣᠳ᠋ ᠰᠢᠷᠪᠢᠨ ᠭᠦᠢᠴᠡᠳᠭᠡᠬᠦ︾ ᠳᠠᠪᠴᠠᠩ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠳᠤᠯᠠᠭᠠᠯᠠᠭ᠎ᠠ ᠶᠢᠨ ᠠᠰᠠᠭᠤᠳᠠᠯ᠂ ᠠᠳᠠᠯ ᠠᠬᠤᠶ ᠶᠢᠨ ᠦᠢᠯᠡᠴᠢᠯᠡᠭᠡ᠂ ᠬᠡᠷᠡᠭ ᠶᠠᠪᠤᠳᠠᠯ ᠳᠤ ᠵᠥᠪᠯᠡᠯᠭᠡ ᠥᠭᠬᠦ ᠵᠡᠷᠭᠡ ᠡᠰᠠᠭᠤᠳᠠᠯ ᠢ ᠪᠦᠬᠦᠨ ᠢ ᠭᠦᠢᠴᠡᠳᠭᠡᠨ ᠬᠠᠷᠢᠭᠤᠯᠲᠠ ᠦᠭᠴᠠᠢ᠃    ᠠᠵᠢᠯ ᠣᠯᠭᠤᠯᠲᠠ ᠶᠢ ᠠᠬᠢᠭᠤᠯᠤᠨ ᠬᠠᠮᠳᠦ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠪᠠ᠃ ᠹᠦ᠋ ᠠᠨ ᠨᠡᠶᠢᠭᠡᠮ ᠲᠣᠭᠤᠷᠢᠭ ︽ᠮᠠᠷᠭᠡᠵᠢᠯ ᠤᠨ ᠪᠤᠯᠪᠠᠰᠤᠷᠠᠯ ᠭᠥᠷᠳᠡᠬᠡᠵᠥ ᠠᠵᠢᠯ ᠣᠯᠭᠤᠯᠲᠠ ᠶᠢ ᠠᠬᠢᠭᠤᠯᠤᠨ᠂ ᠠᠷᠠᠳ ᠲᠤ ᠠᠰᠢᠭ ᠬᠦᠷᠲᠡᠭᠡᠬᠦ︾ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠵᠣᠷᠢᠯᠲᠠ ᠶᠢ ᠪᠠᠷᠢᠮᠲᠠᠯᠠᠵᠤ᠂ ︽ᠬᠡᠷᠡᠭᠴᠡᠭᠡ ᠱᠠᠭᠠᠷᠳᠠᠯᠭ᠎ᠠ + ᠠᠵᠢᠯ ᠣᠯᠭᠤᠯᠲᠠ + ᠪᠣᠯᠪᠠᠰᠤᠷᠠᠯ︾ ᠤᠨ ᠮᠠᠶ᠋ᠢᠭ ᠤᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠠᠬᠢᠭᠤᠯᠵᠤ᠂ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠤᠨ ᠠᠵᠢᠯ ᠠᠯᠳᠠᠭᠰᠠᠨ ᠪᠠᠶᠢᠳᠠᠯ᠂ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ᠂ ᠠᠵᠢᠯ ᠡᠷᠢᠬᠦ ᠱᠠᠭᠠᠷᠳᠠᠯᠭ᠎ᠠ᠂ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠤᠨᠤᠴᠠᠳᠠᠢ ᠡᠵᠡᠮᠰᠢᠨ᠂ ᠬᠢᠷᠢ ᠬᠡᠮ ᠤᠨ ᠨᠥᠬᠦᠴᠡᠯ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ᠂ ᠲᠥᠷᠥᠯ ᠬᠤᠪᠢᠶᠠᠨ ᠲᠠᠩᠰᠠ ᠡᠪᠬᠡᠮᠡᠯ ᠳᠤ ᠣᠷᠣᠭᠤᠯᠵᠤ ︽ᠬᠤᠶᠠᠷ ᠬᠡᠷᠡᠭᠴᠡᠭᠡ ᠱᠠᠭᠠᠷᠳᠠᠯᠭ᠎ᠠ︾ ᠶᠢᠨ ᠡᠬᠡ ᠲᠠᠩᠰᠠ ᠶᠢ ᠪᠠᠶᠢᠭᠤᠯᠪᠠ᠃ ᠬᠠᠳᠬᠤᠮᠠᠯ ᠬᠠᠳᠬᠤᠬᠤ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠬᠢ ᠶᠢ ᠠᠮᠵᠢᠯᠲᠠ ᠲᠠᠢ ᠡᠷᠬᠢᠯᠡᠵᠤ᠂ ᠤᠯᠠᠨ ᠲᠦᠮᠡᠨ ᠤ ᠠᠵᠢᠯ ᠤᠯᠬᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠪᠡ᠃    ᠬᠠᠮᠵᠢᠯᠴᠠᠨ ᠠᠵᠢᠯᠯᠠᠵᠦ ᠬᠠᠮᠲᠤᠪᠠᠷ ᠬᠦᠳᠤᠯᠤᠯᠴᠠᠨ ᠬᠥᠮᠦᠰ ᠤᠨ ᠣᠷᠣᠰᠢᠨ ᠰᠠᠭᠤᠬᠤ ᠣᠷᠴᠢᠨ ᠨᠦᠬᠦᠴᠡᠯ ᠢ ᠰᠢᠯᠢᠳᠡᠭᠵᠢᠬᠦᠯᠪᠡ᠃ ᠹᠦ᠋ ᠠᠨ ᠨᠡᠶᠢᠭᠡᠮ ᠲᠣᠭᠤᠷᠢᠭ ︽ᠬᠤᠪᠢᠰᠬᠠᠯᠳᠦ ᠠᠳᠠᠯ ᠠᠬᠤᠢ︾ ᠪᠠᠷ ᠭᠠᠷᠳᠠᠴᠠ ᠪᠣᠯᠭᠠᠨ᠂ ︽ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ︾ ᠪᠠᠷ ᠬᠠᠷᠠᠯᠲᠠ ᠪᠣᠯᠭᠠᠵᠤ᠂ ᠬᠠᠮᠲᠤᠪᠠᠷ ᠪᠠᠶᠢᠭᠤᠯᠬᠤ ᠨᠢᠭᠡᠴᠢ᠂ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠰᠠᠶᠢᠨ ᠳᠤᠷᠠᠴᠤᠤᠯ ᠲᠠᠢ ᠬᠤᠯᠪᠣᠭᠠᠯᠠᠵᠤ᠂ ᠬᠠᠮᠵᠢᠯᠴᠠᠨ ᠠᠵᠢᠯᠯᠠᠵᠦ ᠬᠠᠮᠲᠤᠪᠠᠷ ᠬᠦᠳᠤᠯᠤᠯᠴᠠᠨ ᠤᠷᠴᠢᠨ ᠳᠤᠭᠤᠷᠢᠨ ᠢ ᠭᠤᠶᠤᠵᠢᠭᠤᠯᠬᠤ ᠠᠵᠢᠯ ᠢ ᠪᠠᠶᠢᠡᠭᠭᠤᠵᠢᠭᠤᠯᠤᠨ ᠦᠷᠨᠢᠬᠦᠯᠪᠡ᠃ ᠣᠲᠣᠬᠠᠨ ᠪᠣᠯᠲᠠᠯ᠎ᠠ᠂ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠡᠶᠢᠲᠡ 10 ᠤᠳᠠᠭ᠎ᠠ ᠥᠷᠨᠢᠭᠦᠯᠵᠦ᠂ ᠺᠠᠳ᠋ᠷ ᠠᠵᠢᠯᠲᠠᠨ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯᠲᠠᠨ ᠢ ᠨᠡᠶᠢᠲᠡ 500 ᠭᠠᠷᠤᠶ ᠭᠥᠮᠤᠨ ᠤᠳᠠᠭ᠎ᠠ ᠤᠷᠤᠯᠴᠠᠭᠤᠯᠪᠠ︔ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠤᠭᠡ ᠶᠢᠨ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢ ︽ᠡᠭᠦᠳᠡᠨ ᠡᠮᠦᠨᠡᠬᠢ ᠪᠠ ᠬᠡᠷ ᠤᠨ ᠠᠷᠤ ᠳᠠᠬᠢ ᠲᠠᠪᠤᠨ ᠳᠠᠭᠠᠭᠠᠴᠢᠯᠠᠯᠲᠠ︾ ᠪᠣᠯᠭᠠᠨ ᠬᠤᠪᠢᠷᠠᠭᠤᠯᠵᠤ᠂ ᠬᠤᠳᠠᠯᠳᠤᠭᠠᠴᠢᠡ ᠡᠷᠤᠭᠡ ᠶᠢᠨ ᠴᠡᠪᠡᠷᠯᠡᠨ ᠠᠷᠢᠯᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠬᠠᠮᠳᠠᠭᠤᠯᠵᠤ᠂ ᠠᠰᠠᠭᠤᠳᠠᠯ ᠢᠯᠡᠷᠡᠭᠰᠡᠭᠡᠷ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠠᠢ᠃    ᠬᠡᠮ ᠰᠣᠭᠤᠭ ᠢ ᠠᠷᠢᠯᠭᠠᠨ ︽ᠠᠮᠤᠷ ᠠᠮᠤᠭᠤᠯᠠᠩ ᠲᠢᠶᠠᠨ ᠵᠢᠶᠤᠤ︾ ᠶᠢ ᠪᠠᠶᠢᠭᠤᠯᠪᠠ᠃ ᠹᠦ᠋ ᠠᠨ ᠨᠡᠶᠢᠭᠡᠮ ᠲᠣᠭᠤᠷᠢᠭ ᠪᠣᠯᠤᠨ ᠤᠯᠠᠭᠠᠨᠬᠤᠳᠠ ᠶᠢᠨ ᠵᠢᠷᠤᠮ ᠤᠨ ᠴᠠᠭᠳᠠᠭ᠎ᠠ ᠬᠠᠮᠲᠤᠷᠠᠨ ︽ᠹᠦ᠋ ᠠᠨ ᠨᠡᠶᠢᠭᠡᠮ ᠲᠣᠭᠤᠷᠢᠭ ᠤᠨ ᠳᠤᠮᠳᠠ ᠠᠩᠬᠢ︾ ᠵᠢᠷᠤᠮ ᠤᠨ ᠴᠠᠭᠳᠠᠭ᠎ᠠ ᠶᠢ ᠪᠠᠶᠢᠭᠤᠯᠵᠤ᠂ ︽ᠵᠢᠷᠭᠤᠭᠠᠨ ᠲᠦᠷᠦᠯ︾ ᠤᠨ ᠭᠤᠣᠯᠳᠠᠯᠭ᠎ᠠ ᠲᠠᠢ ᠵᠥᠷᠢᠴᠡᠯ ᠵᠢᠭᠤᠷᠠᠯᠳᠤᠭᠠᠨ ᠢ ᠵᠢᠬᠰᠠᠭᠠᠨ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ 5 ᠤᠳᠠᠭ᠎ᠠ ᠶᠢᠨ ᠵᠦᠷᠢᠴᠡᠯ ᠵᠢᠭᠤᠷᠠᠯᠳᠤᠭᠠᠨ ᠢ ᠠᠮᠵᠢᠯᠳᠠ ᠲᠠᠢ ᠰᠢᠢᠳᠪᠦᠷᠢᠯᠡᠪᠡ︔ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠤᠬᠠᠭᠤᠯᠭ᠎ᠠ ᠶᠢᠨ ᠬᠠᠭᠤᠳᠠᠰᠤ᠂ ᠥᠪᠡᠷ ᠢᠶᠠᠨ ᠦᠢᠯᠡᠳᠦᠭᠰᠡᠨ ᠵᠢᠵᠢᠭ ᠸᠢᠳᠢᠣ᠋᠂ ᠤᠬᠠᠭᠤᠯᠭ᠎ᠠ ᠶᠢᠨ ᠸᠢᠳᠢᠣ᠋ ᠵᠡᠷᠭᠡ ᠶᠢ ᠳᠠᠮᠵᠢᠭᠤᠯᠤᠨ ᠳᠠᠷᠬᠠᠭᠠᠵᠦ᠂ ᠤᠬᠠᠭᠤᠯᠭ᠎ᠠ ᠭᠥᠯᠢᠶᠡᠨ ᠠᠪᠤᠭᠴᠢᠳ ᠤᠨ ᠲᠤᠭ᠎ᠠ 2 ᠲᠦᠮᠡ ᠭᠠᠷᠤᠶ ᠬᠥᠮᠦᠨ ᠳᠤ ᠬᠥᠷᠪᠡ᠃    ᠳᠠᠷᠠᠭᠠᠴᠢ ᠪᠠᠷ᠂ ᠹᠦ᠋ ᠠᠨ ᠨᠡᠶᠢᠭᠡᠮ ᠲᠣᠭᠤᠷᠢᠭ ᠦᠷᠬᠦᠯᠵᠢᠯᠡᠨ ︽ᠲᠠᠪᠤᠨ ᠨᠢᠭᠡ︾ ᠶᠢᠨ ᠠᠵᠢᠯ ᠤᠨ ᠠᠷᠭ᠎ᠠ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠷᠢᠶᠠᠳᠦ ᠣᠷᠣᠨ ᠤ ᠪᠠᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠪᠦᠯᠬᠦᠮᠳᠡᠨ ᠬᠠᠪᠰᠤᠷᠤᠯᠴᠠᠬᠤ᠂ ᠬᠠᠮᠲᠤᠪᠠᠷ ᠲᠠᠪᠰᠢᠬᠤ ᠶᠢ ᠬᠦᠳᠦᠯᠦᠨ ᠵᠢᠯᠣᠭᠤᠳᠴᠤ᠂ ᠨᠡᠶᠢᠭᠡᠮ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠡᠯ ᠢᠶᠠᠨ ᠨᠡᠮᠡᠷᠢᠯᠡᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号