︽ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ︾ 2025 ᠣᠨ ᠤ ᠲᠥᠪ ᠤᠨ ᠳᠠᠭᠤᠷᠢ ᠶᠢᠨ ᠲᠢᠶᠠᠲᠷ ᠤᠨ ᠰᠢᠨ᠎ᠡ ᠵᠢᠯ ᠤᠨ ᠨᠠᠶᠢᠷᠠᠯ ᠳᠠᠭᠤᠤ ᠶᠢᠨ ᠦᠳᠡᠰᠢᠯᠡᠭᠡ ᠠᠮᠵᠢᠯᠲᠠᠲᠠᠢ ᠶᠠᠪᠤᠬᠳᠠᠪᠠ
ᠨᠡᠶᠢᠲᠡᠯᠡᠭᠰᠡᠨ ᠴᠠᠭ᠄
2025/1/10
       2024 ᠣᠨ ᠤ 12 ᠰᠠᠷ᠎ᠠ ᠶᠢᠨ 31 ᠤ ᠣᠷᠣᠢ᠂ ︽ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ︾ 2025 ᠣᠨ ᠤ ᠲᠥᠪ ᠤᠨ ᠳᠠᠭᠤᠷᠢ ᠶᠢᠨ ᠲᠢᠶᠠᠶ᠋ᠷ ᠤᠨ ᠰᠢᠨ᠎ᠡ ᠵᠢᠯ ᠤᠨ ᠳᠠᠭᠤᠤ ᠬᠦᠭᠵᠢᠮ ᠤᠨ ᠦᠳᠡᠰᠢᠯᠡᠭᠡ ᠬᠢᠩᠭᠠᠨ ᠠᠶᠢᠮᠠᠭ ᠤᠨ ᠰᠣᠶᠣᠯ ᠤᠨ ᠲᠥᠪ ᠲᠤ ᠠᠮᠵᠢᠯᠲᠠᠲᠠᠢ ᠰᠠᠶᠢᠬᠠᠨ ᠶᠠᠪᠤᠭᠳᠠᠪᠠ᠃       ᠦᠳᠡᠰᠢᠯᠡᠭᠡ ᠨᠢ ᠨᠠᠶᠢᠷᠠᠯ ᠳᠠᠭᠤᠤ ︽ᠡᠭᠡ ᠤᠯᠤᠰ ᠤᠨ ᠮᠠᠭᠲᠠᠭᠠᠯ︾ ᠲᠤᠮᠳᠠ ᠬᠦᠰᠢᠭᠡ ᠪᠠᠨ ᠨᠡᠬᠡᠬᠡᠵᠥ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠬᠦᠷᠳᠡᠪᠠ᠃ ᠦᠳᠡᠰᠢᠯᠡᠭᠡ ᠳᠤ ᠲᠤᠬᠯᠠᠬᠴᠢᠳ ᠠᠴᠠ ︽ᠤᠭᠠᠯᠵᠠᠨ ᠭᠡ ᠲᠠᠢ ᠡᠮᠡᠭᠡᠯ︾᠂ ︽ᠦᠵᠡᠰᠭᠦᠯᠠᠩᠲᠦ ᠰᠠᠶᠢᠬᠠᠨ ᠮᠢᠨᠦ ᠨᠤᠲᠤᠭ︾᠂ ︽ᠬᠦᠳᠡᠭᠡ ᠨᠤᠲᠤᠭ ᠲᠤ ᠮᠦᠡᠭᠭᠡ ᠶᠢᠨ ᠨᠠᠷᠠᠠ ᠮᠠᠨᠳᠤᠯ᠎ᠠ︾᠂ ︽ᠮᠠᠬᠳᠠᠭᠠᠯ ᠳᠠᠭᠤᠤ︾ ᠵᠡᠷᠭᠡ ᠠᠯᠢ ᠤᠯᠠᠨ ᠳᠠᠭᠤᠤ ᠬᠦᠭᠵᠢᠮ ᠢᠶᠠᠷ ᠬᠦᠮᠦᠨ ᠠᠷᠡᠳ᠂ ᠪᠠᠶᠢᠭᠠᠯᠢ ᠤᠷᠴᠢᠨ᠂ ᠨᠤᠲᠤᠭ ᠤᠰᠤ ᠪᠠᠨ ᠮᠠᠬᠳᠠᠨ ᠳᠠᠭᠤᠯᠠᠵᠦ᠂ ᠦᠵᠡᠭᠴᠢ ᠲᠦᠮᠡᠨ ᠤ ᠪᠠᠨ ᠬᠦᠷᠢᠶᠡᠯᠡᠯ ᠤᠨ ᠲᠤᠮᠳᠡ ᠦᠳᠡᠰᠢᠯᠡᠭᠡ ᠨᠢ ᠬᠦᠷ ᠬᠦᠭᠵᠢᠶᠠᠨ ᠲᠠᠢ ᠶᠠᠪᠤᠬᠳᠠᠬᠰᠠᠨ ᠪᠠᠶᠢᠨ᠎ᠠ᠃       ᠲᠤᠰ ᠤᠳᠠᠭᠠᠨ ᠤ ᠨᠠᠶᠢᠷᠠᠯ ᠳᠠᠭᠤᠤ ᠶᠢᠨ ᠦᠳᠡᠰᠢᠯᠡᠭᠡ ᠶᠢᠨ ᠬᠡᠪ ᠨᠠᠮᠪᠠ ᠨᠢ ᠣᠯᠠᠨ ᠶᠠᠩᠵᠤ ᠪᠠᠶᠢᠵᠤ᠂ ᠡᠷᠡᠭᠲᠠᠢ ᠡᠮᠡᠭᠲᠠᠢ ᠶᠢᠨ ᠨᠠᠶᠢᠷᠠᠯ ᠳᠠᠭᠤᠤ᠂ ᠡᠷᠡᠭᠲᠡᠢ ᠶᠢᠨ ᠨᠠᠶᠢᠷᠠᠯ ᠳᠠᠭᠤᠤ ᠪᠠ ᠡᠮᠡᠭᠲᠡᠢ ᠶᠢᠨ ᠨᠠᠶᠢᠷᠠᠯ ᠳᠠᠭᠤᠤ ᠵᠡᠷᠭᠡ ᠬᠡᠯᠪᠡᠷᠢ ᠪᠠᠷ ᠶᠠᠪᠤᠬᠳᠠᠵᠦ᠂ ᠲᠤᠬᠯᠠᠯᠲᠠ ᠶᠢᠨ ᠪᠦᠬᠦᠶᠢᠯᠡ ᠶᠠᠪᠦᠴᠠ ᠨᠢ᠂ ᠲᠥᠪ ᠤᠨ ᠳᠠᠭᠤᠷᠢ ᠶᠢᠨ ᠲᠢᠶᠠᠲᠷ ᠤᠨ ᠤᠷᠠᠯᠢᠭᠴᠢᠳ ᠤᠨ ᠤᠷᠠᠯᠢᠭ ᠤᠨ ᠢᠯᠡᠷᠡᠭᠦᠯᠬᠦ ᠬᠦᠴᠦᠨ ᠪᠠ ᠳᠠᠭᠤᠯᠠᠬᠤ ᠤᠷ᠎ᠠ ᠮᠡᠷᠭᠡᠵᠢᠯ ᠢ ᠬᠠᠷᠠᠭᠤᠯᠵᠤ᠂ ᠦᠵᠡᠭᠴᠢᠳ ᠲᠤ ᠭᠦᠨ ᠭᠦᠨᠵᠡᠭᠡᠢ ᠰᠠᠭᠤᠭᠳᠠᠯ ᠦᠯᠡᠳᠡᠭᠡᠵᠡᠢ᠃ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠦᠵᠡᠭᠴᠢ ᠵᠧᠦ ᠵᠢᠶᠠ᠄ ︽ᠤᠷᠠᠯᠢᠭᠴᠢᠳ ᠮᠠᠰᠢ ᠰᠠᠶᠢᠬᠠᠨ ᠳᠠᠭᠤᠯᠠᠵᠤ᠂ ᠳᠠᠭᠤᠤ ᠨᠢᠭᠡᠪᠦᠷᠢ ᠨᠢ ᠮᠢᠨᠦ ᠰᠡᠳᠭᠢᠯ ᠳᠤ ᠬᠦᠷᠴᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠩ ᠢᠯᠡᠭᠦᠦ ᠦᠳᠭᠡᠷᠡᠭᠦᠯᠵᠦ ᠴᠢᠳᠠᠬᠰᠠᠨ ᠪᠠᠶᠢᠨ᠎ᠠ᠂ ᠡᠭᠦᠨ ᠠᠴᠠ ᠬᠤᠶᠢᠰᠢᠲᠠ ᠨᠡᠩ ᠤᠯᠠᠨ ᠡᠶᠢᠮᠦᠷᠬᠦᠦ ᠲᠤᠬᠯᠠᠯᠲᠠ ᠭᠠᠷᠭᠠᠬᠤ ᠶᠢ ᠬᠦᠰᠡᠵᠦ ᠪᠠᠶᠢᠨ᠎ᠠ︾ ᠭᠡᠵᠦ ᠶᠠᠷᠢᠵᠦ ᠪᠠᠶᠢᠯ᠎ᠠ᠃        ᠤᠯᠠᠭᠠᠨᠮᠥ᠋ᠴᠢᠷ ᠤᠨ ᠣᠷᠳᠣᠨ ᠤ ᠵᠢᠤᠢ ᠴᠧᠩ ᠲᠢᠶᠠᠲᠷ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠠᠴᠠ ᠤᠶᠢᠯᠠᠭᠠᠨᠰᠠᠨ ᠢᠶᠠᠷ᠂ ᠲᠣᠰ ᠤᠳᠠᠭᠠᠨ ᠤ ᠥᠨᠳᠥᠷ ᠪᠠᠷᠢᠮᠵᠢᠶᠠᠲᠤ ᠲᠣᠭᠯᠠᠯᠲᠠ ᠪᠣᠯ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠨ᠎ᠡ ᠪᠠᠶᠢᠳᠠᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠦᠢᠯᠡᠳᠬᠦᠨ ᠢ ᠨᠠᠷᠢᠨ ᠨᠢᠮᠪᠠᠶ ᠪᠣᠶ ᠪᠣᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠢ ᠬᠦᠭᠵᠢᠶᠡᠨ ᠲᠠᠢ ᠪᠣᠯᠭᠠᠬᠤ ᠶᠢ ᠳᠥᠯᠭᠢᠨ ᠠᠬᠢᠭᠤᠯᠬᠤ ᠶᠡᠷᠦᠩᠬᠡᠶ ᠱᠠᠭᠠᠷᠳᠠᠯᠭ᠎ᠠ ᠪᠠᠷ ᠤᠯᠠᠭᠠᠨᠮᠥ᠋ᠴᠢᠷ ᠤᠨ ᠣᠷᠳᠣᠨ ᠤ ᠵᠢᠤᠢ ᠴᠧᠩ ᠲᠢᠶᠠᠲᠷ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠬᠢᠭᠰᠡᠨ ᠪᠦᠲᠦᠮᠵᠢᠲᠡᠶ ᠠᠵᠢᠯᠯᠠᠭ᠎ᠠ ᠪᠣᠯᠤᠨ᠎ᠠ᠃ ᠮᠦᠨᠴᠦ᠂ ᠷᠠᠰᠢᠶᠠᠨ ᠤ ᠮᠥᠰᠥ ᠴᠠᠰᠤᠨ ᠤ ᠨᠠᠶᠢᠷ ᠪᠣᠯᠤᠨ ᠬᠠᠭᠤᠴᠢᠨ ᠵᠢᠯ ᠢᠶᠠᠨ ᠦᠳᠡᠵᠦ ᠰᠢᠨ᠎ᠡ ᠠᠵᠠ ᠲᠣᠬᠢᠶᠠᠯ ᠢ ᠤᠭᠲᠤᠬᠤ ᠪᠠᠷ ᠲᠥᠪ ᠤᠨ ᠳᠠᠭᠤᠷᠢ ᠶᠢᠨ ᠲᠢᠶᠠᠲᠷ ᠤᠨ ᠨᠠᠶᠢᠷᠠᠯ ᠳᠠᠭᠤᠤ ᠶᠢᠨ ᠦᠳᠡᠰᠢᠯᠡᠭᠡ ᠶᠢ ᠰᠣᠩᠭᠤᠨ ᠲᠣᠭᠲᠠᠭᠠᠵᠤ᠂ ᠬᠢᠩᠭᠠᠨ ᠠᠶᠢᠮᠠᠭ ᠤᠨ ᠠᠷᠠᠳ ᠣᠯᠠᠨ ᠳᠤ ᠥᠨᠳᠥᠷ ᠬᠢᠷᠢ ᠲᠦᠪᠰᠢᠨ ᠲᠠᠢ ᠤᠷᠠᠯᠢᠭ ᠤᠨ ᠦᠪᠡᠳᠡᠭᠰᠢ ᠨᠠᠶᠢᠷ ᠢ ᠡᠷᠭᠦᠬᠦ ᠪᠠᠷ ᠵᠣᠷᠢᠯᠭ᠎ᠠ ᠪᠣᠯᠭᠠᠨ᠂ ᠬᠢᠩᠭᠠᠨ ᠠᠶᠢᠮᠠᠭ ᠤᠨ ᠰᠣᠶᠣᠯ ᠤᠨ ᠪᠠᠶᠢᠭᠤᠯᠤᠯᠲᠠ ᠳᠤ ᠥᠩᠭᠡ ᠭᠡᠷᠡᠯ ᠨᠡᠮᠡᠷᠢᠯᠡᠪᠡ᠃ ︵ᠸᠠᠩ ᠶᠦᠡᠭ ᠱᠸᠡᠭ ᠪᠤᠤ ᠢ ᠵᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号