ᠤᠯᠠᠭᠠᠨᠬᠤᠲᠠ ᠶᠢᠨ ᠲᠤᠯᠤᠳᠤᠭᠠᠷ ᠬᠤᠭᠤᠴᠠᠭᠠᠨ ᠤ ᠮᠦᠰᠦ ᠴᠠᠰᠦᠨ ᠤ ᠵᠢᠭᠤᠯᠴᠢᠯᠡᠯ ᠤᠨ ᠤᠯᠠᠷᠢᠯ ᠤᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠤᠬᠯᠠᠯᠲᠠ ᠨᠢᠵᠢᠬᠢᠷ ᠰᠠᠶᠢᠬᠠᠨ ᠶᠠᠪᠤᠭᠳᠠᠵᠠᠢ
ᠨᠡᠶᠢᠲᠡᠯᠡᠭᠰᠡᠨ ᠴᠠᠭ᠄
2025/1/10
          ᠣᠶᠢᠷ᠎ᠠ ᠳᠤ᠂ ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠡᠯ ᠤᠨ ᠤᠯᠠᠷᠢᠯ ᠤᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠤᠬᠯᠠᠯᠲᠠ ᠢᠯᠠᠯᠲᠠ ᠪᠠᠯᠭᠠᠰᠤᠨ ᠳᠤ ᠠᠮᠵᠢᠯᠲᠠ ᠲᠠᠢ ᠶᠠᠪᠤᠭᠳᠠᠪᠠ᠃       ᠲᠣᠰ ᠤᠳᠠᠭᠠᠨ ᠤ ᠠᠵᠢᠯᠯᠠᠭ᠎ᠠ ᠨᠢ᠂ ︽ᠬᠥᠳᠡᠭᠡ ᠲᠣᠰᠬᠤᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ · ᠪᠢᠳᠡᠨ ᠤ ᠤᠷᠠᠯᠢᠭ ᠤᠨ ᠲᠠᠪᠴᠠᠩ︾ ᠢᠶᠠᠷ ᠭᠤᠤᠯ ᠰᠡᠳᠦᠪ ᠪᠣᠯᠭᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠤᠬᠯᠠᠯᠲᠠ ᠶᠢ ᠰᠤᠨᠢᠷᠬᠠᠭᠤᠯᠤᠬᠰᠠᠨ ᠢᠶᠠᠷ ᠪᠠᠷᠠᠬᠤ ᠥᠬᠡᠶ ᠪᠠᠰᠠ ᠬᠥᠳᠡᠭᠡ ᠲᠣᠰᠬᠤᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠤᠯᠭᠠᠪᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠠᠶᠢᠰᠠᠨ ᠤ ᠳ᠋ᠧᠩ ᠤᠨ ᠭᠡᠷᠡᠯ ᠳᠤᠸᠠᠯᠠᠵᠤ᠂ ᠲᠣᠭᠯᠠᠭᠴᠢᠳ ᠭᠤᠶᠢᠳᠠ ᠰᠠᠶᠢᠬᠠᠨ ᠬᠤᠪᠴᠠᠰᠤ ᠬᠤᠨᠠᠷ ᠢᠶᠠᠨ ᠡᠮᠦᠰᠴᠦ᠂ ᠴᠤᠭ ᠵᠢᠪᠬᠤᠭ᠎ᠠ ᠲᠠᠢ ᠪᠠᠷ ᠲᠣᠭᠯᠠᠯᠲᠠ ᠭᠠᠷᠭᠠᠵᠦ᠂ ᠪᠥᠵᠢᠭ᠂ ᠭᠤᠴᠤᠯᠠᠯ ᠳᠠᠭᠤᠤ᠂ ᠨᠠᠶᠢᠷᠠᠯ ᠳᠠᠭᠤᠤ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠲᠣᠭᠯᠠᠯᠲᠠ ᠪᠠᠷ ᠢᠶᠠᠨ ᠬᠥᠳᠡᠭᠡ ᠲᠣᠰᠬᠤᠨ ᠤ ᠣᠨᠴᠠᠯᠢᠭᠲᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠠ ᠨᠤᠲᠤᠭ ᠤᠰᠤ ᠪᠠᠨ ᠬᠠᠶᠢᠷᠠᠯᠠᠬᠤ ᠰᠡᠳᠭᠢᠯᠭᠡ ᠪᠠᠨ ᠢᠯᠡᠳᠭᠡᠪᠡ᠃       ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠤᠯᠠᠭᠠᠨᠬᠤᠲᠠ ᠶᠢᠨ ᠮᠥᠰᠥ ᠴᠠᠰᠤᠨ ᠤ ᠵᠢᠭᠤᠯᠴᠢᠯᠡᠯ ᠤᠨ ᠤᠯᠠᠷᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠪᠠᠷ᠂ ᠤᠯᠠᠭᠠᠨᠬᠤᠲᠠ ᠦᠷᠭᠦᠯᠵᠢᠯᠡᠨ ᠨᠠᠩ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠰᠤᠶᠤᠯ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠵᠢᠭᠤᠯᠴᠢᠯᠠᠬᠴᠢᠳ ᠤᠨ ᠠᠩᠬᠠᠷᠤᠯ ᠢ ᠲᠠᠲᠠᠵᠤ᠂ ᠬᠥᠳᠡᠭᠡ ᠲᠣᠰᠬᠤᠨ ᠤ ᠰᠣᠶᠣᠯ ᠢ ᠪᠡᠶᠡᠴᠢᠯᠡᠨ ᠤᠶᠢᠯᠠᠭᠠᠭᠤᠯᠵᠦ᠂ ᠥᠷᠭᠡᠨ ᠣᠯᠠᠨ ᠵᠢᠭᠤᠯᠴᠢᠯᠠᠬᠴᠢᠳ ᠲᠤ ᠨᠠᠩ ᠰᠢᠯᠢᠳᠡᠭ ᠵᠢᠭᠤᠯᠴᠢᠯᠡᠯ ᠤᠨ ᠦᠢᠯᠡᠴᠢᠯᠡᠭᠡ ᠬᠠᠩᠭᠠᠬᠤ ᠪᠤᠯᠦᠨ᠎ᠠ᠃ ︵ᠯᠢᠶᠠᠨ ᠪᠤᠤ ᠸᠠᠩ ᠶᠢᠨ ᠯᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号