| ᠤᠶᠢᠷ᠎ᠠ ᠳᠤ᠂ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠠᠯᠪᠠᠨ ᠵᠠᠷᠯᠠᠯ ᠨᠡᠶᠢᠲᠡᠯᠡᠵᠦ᠂ ︽ᠭᠠᠵᠠᠷ ᠵᠦᠶ ᠶᠢᠨ ᠢᠯᠡᠷᠬᠡᠶᠢᠯᠡᠯᠳᠦ ᠦᠢᠯᠡᠳᠬᠦᠨ — ᠷᠠᠰᠢᠶᠠᠨ ᠪᠤᠯᠠᠬ ᠤᠨ | ᠤᠰᠤ︾ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠨ ᠨᠡᠶᠢᠲᠡᠯᠡᠵᠦ᠂ 2024 ᠤᠨ ᠤ 12 ᠰᠠᠷ᠎ᠠ ᠶᠢᠨ | 29 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠵᠠᠶ᠃ ᠡᠨᠡ ᠨᠢ ᠬᠠᠮᠠᠭᠠᠯᠠᠯᠲᠠ ᠶᠢᠨ ᠣᠷᠣᠨ ᠤ ᠳᠣᠲᠣᠷᠠᠬᠢ ᠷᠠᠰᠢᠶᠠᠨ | ᠤᠰᠤᠨ ᠤ ᠠᠵᠤ ᠠᠬᠤᠶᠢᠯᠠᠯ ᠤᠨ ᠭᠠᠵᠠᠷ ᠵᠦᠶ ᠶᠢᠨ ᠢᠯᠡᠷᠬᠡᠶᠢᠯᠡᠯᠳᠦ ᠲᠤᠰᠬᠠᠶ ᠬᠡᠷᠡᠭᠯᠡᠭᠡᠨ ᠤ ᠢᠯᠡᠷᠬᠡᠶᠢᠯᠡᠯ ᠢ | ᠭᠤᠶᠤᠴᠢᠯᠠᠨ ᠬᠡᠷᠡᠭᠯᠡᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠳᠤᠪᠴᠢᠶ᠎ᠠ ᠪᠦᠬᠦ ᠠᠶᠢᠮᠠᠭ ᠤᠨ ᠭᠤᠣᠯᠳᠠᠯᠭ᠎ᠠ ᠲᠠᠢ ᠠᠵᠤ ᠦᠢᠯᠡᠰ᠂ ᠤᠨᠴᠠᠯᠢᠬᠳᠤ ᠠᠵᠤ | ᠦᠢᠯᠡᠰ ᠤᠨ ᠲᠣᠭᠤᠷᠢᠨ ᠳᠤ ᠲᠤᠰᠬᠠᠢ ᠠᠰᠢᠭ᠂ ᠲᠠᠸᠠᠷ ᠤᠨ ᠲᠡᠮᠳᠡᠭ᠂ ᠭᠠᠵᠠᠷ ᠵᠦᠢ ᠶᠢᠨ ᠢᠯᠡᠷᠬᠡᠶᠢᠯᠡᠯᠳᠦ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠤᠰᠬᠠᠢ ᠠᠰᠢᠭ ᠤᠨ ᠰᠢᠨ᠎ᠡ ᠶᠢ ᠡᠭᠦᠳᠬᠦ ᠴᠢᠨᠠᠷᠲᠠᠢ ᠲᠤᠯᠭᠠᠭᠤᠷᠢᠯᠠᠬᠤ | ᠴᠢᠳᠠᠪᠤᠷᠢ ᠶᠢ ᠳᠡᠭᠡᠭᠰᠢᠯᠡᠭᠦᠯᠤᠨ᠂ ᠲᠠᠸᠠᠷ ᠤᠨ ᠲᠦᠷᠦᠯ ᠳᠡᠮᠳᠡᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠠᠢ᠃ | ᠣᠲᠣ ᠪᠣᠯᠲᠠᠯ᠎ᠠ᠂ ᠪᠥᠬᠦ ᠠᠶᠢᠮᠠᠭ ᠢᠶᠠᠷ ᠢᠶᠠᠨ ︽ᠷᠠᠰᠢᠶᠠᠨ ᠪᠤᠯᠠᠬ ᠤᠨ ᠤᠰᠤ︾᠂ ︽ᠨᠡᠳᠦᠭᠡᠷ ᠹᠧᠨᠲ᠋ᠢᠶᠤᠤᠷ︾ | ᠵᠡᠷᠭᠡ 5 ᠭᠠᠵᠠᠷ ᠵᠦᠶ ᠶᠢᠨ ᠢᠯᠡᠷᠬᠡᠶᠢᠯᠡᠯᠳᠦ ᠦᠢᠯᠡᠳᠬᠦᠨ᠂ ︽ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ 9 | ᠭᠠᠵᠠᠷ ᠵᠦᠶ ᠶᠢᠨ ᠢᠯᠡᠷᠬᠡᠶᠢᠯᠡᠯᠳᠦ ᠲᠠᠸᠠᠷ ᠤᠨ ᠳᠦᠷᠦᠯ ᠲᠡᠮᠳᠡᠭ ᠢ ᠠᠮᠵᠢᠯᠲᠠ ᠲᠠᠢ ᠪᠠᠷ ᠳᠠᠩᠰᠠᠯᠠᠭᠤᠯᠵᠤ᠂ ᠨᠠᠩ | ᠣᠯᠠᠨ ᠲᠠᠸᠠᠷ ᠤᠨ ᠳᠦᠷᠦᠯ ᠳᠡᠮᠳᠡᠭ ᠤᠨ ᠪᠦᠬᠦ ᠤᠯᠤᠰ ᠲᠠᠬᠢ ᠠᠯᠳᠠᠷᠰᠢᠯ ᠢ ᠳᠠᠰᠤᠷᠠᠯᠳᠠ ᠦᠭᠡᠢ ᠳᠡᠭᠡᠭᠰᠢᠯᠡᠬᠦᠯᠵᠡᠢ | ᠃ | ᠤᠶᠢᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠳᠦᠭᠡᠷ ᠪᠠᠯᠭᠠᠰᠦᠨ ᠤ ᠲᠢᠶᠠᠨ | ᠵᠢᠶᠠ ᠹᠧᠨᠲ᠋ᠢᠶᠤᠤᠷ ᠤᠨ ᠦᠢᠯᠡᠰ ᠤᠨ ᠲᠤᠰᠬᠠᠢ ᠬᠤᠷᠰᠢᠶ᠎ᠠ ᠶᠢᠨ ᠠᠵᠢᠯᠴᠢᠨ ᠬᠠᠲᠠᠭᠠᠭᠰᠠᠨ ᠹᠧᠨᠲ᠋ᠢᠶᠤᠤᠷ ᠢᠶᠠᠨ | ᠬᠡᠷᠴᠢᠨ ᠪᠣᠭᠤᠳᠠᠯᠯᠠᠵᠦ ᠶᠠᠭᠠᠷᠠᠯᠳᠤᠵᠦ ᠪᠠᠶᠢᠯ᠎ᠠ᠃ | ︽ᠥᠩᠭᠡᠷᠡᠭᠰᠡᠨ ᠳᠤ ᠦᠢᠯᠡᠳᠬᠦᠨ ᠢᠶᠠᠨ ᠭᠤᠤᠯᠳᠠᠭᠤ ᠪᠥᠭᠡᠮ ᠢᠶᠠᠷ ᠬᠤᠳᠠᠯᠳᠤᠬᠤ ᠠᠷᠭ᠎ᠠ ᠵᠠᠮ ᠳᠤ | ᠲᠦᠰᠢᠭᠯᠡᠵᠦ ᠪᠠᠶᠢᠭᠰᠠᠨ ᠪᠣᠯᠬᠤᠷ ᠦᠨ᠎ᠡ ᠬᠠᠩᠰᠢ ᠨᠢ ᠬᠢᠵᠠᠭᠠᠷᠯᠠᠭᠳᠠᠵᠤ ᠪᠠᠶᠢᠪᠠ᠂ ᠥᠪᠡᠷ ᠤᠨ ᠨᠠᠷᠠᠲᠤ | ᠲᠡᠮᠳᠡᠭ ᠲᠠᠢ ᠪᠤᠯᠤᠭᠰᠠᠨ ᠠᠴᠠ ᠨᠠᠭᠠᠰᠢ ᠦᠢᠯᠡᠳᠭᠦᠨ ᠤ ᠵᠠᠬ᠎ᠠ ᠳᠡᠯᠭᠡᠭᠦᠷ ᠤᠨ ᠦᠨ᠎ᠠ ᠥᠷᠲᠡᠭ ᠢᠯᠡᠳᠲᠡ | ᠳᠡᠭᠡᠭᠰᠢᠯᠡᠭᠰᠡᠨ ᠢᠶᠠᠷ ᠪᠠᠷᠠᠬᠤ ᠦᠭᠡᠢ ᠬᠥᠬᠡᠬᠤᠲᠠ᠂ ᠵᠢᠶᠠᠩᠰᠦ᠂ ᠱᠠᠨᠳᠦ᠋ᠩ ᠵᠡᠷᠭᠡ ᠭᠠᠵᠠᠷ ᠤᠷᠤᠨ ᠤ ᠵᠠᠬ᠎ᠠ | ᠳᠡᠯᠭᠡᠭᠦᠷ ᠲᠤ ᠠᠮᠵᠢᠯᠲᠠ ᠲᠠᠢ ᠪᠠᠷ ᠪᠤᠷᠤᠯᠠᠭᠤᠯᠤᠭᠳᠠᠬᠤ ᠪᠤᠯᠵᠠᠢ︾ ᠭᠡᠵᠦ ᠲᠢᠶᠠᠨ ᠵᠢᠶᠠ ᠹᠧᠨᠲ᠋ᠢᠶᠤᠤᠷ ᠤᠨ | ᠦᠢᠯᠡᠰ ᠤᠨ ᠲᠤᠰᠬᠠᠢ ᠬᠤᠷᠰᠢᠶ᠎ᠠ ᠶᠢᠨ ᠪᠤᠷᠤᠯᠠᠭᠤᠯᠭ᠎ᠠ ᠶᠢᠨ ᠬᠡᠯᠳᠡᠰ ᠤᠨ ᠳᠠᠭᠠᠭᠠᠮᠠᠯ ᠯᠢ ᠾᠦᠢ ᠬᠡᠯᠡᠵᠦ ᠪᠠᠶᠢᠯ᠎ᠠ᠃ | ᠤᠶᠢᠯᠠᠭᠠᠭᠰᠠᠨ ᠢᠶᠠᠷ᠂ ᠳᠠᠸᠠᠷ ᠤᠨ ᠲᠥᠷᠥᠯ ᠳᠡᠮᠳᠡᠭ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ | ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ᠂ | ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠬᠢᠭᠡᠳ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠩᠭᠠᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠨᠢ | ᠵᠠᠰᠠᠭ ᠪᠠᠩᠬᠢ ᠠᠵᠤ ᠠᠬᠤᠶᠢᠯᠠᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠬᠤ᠂ ᠣᠯᠠᠨ | ᠲᠠᠯ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠬᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ | ᠵᠣᠯᠭᠠᠭᠤᠯᠬᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ 2100 ᠲᠦᠮᠡᠨ ᠲᠥᠭᠦᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠢᠭᠡᠯᠡᠯᠭᠡ ᠳᠠᠯᠪᠢᠵᠦ᠂ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠳᠡᠮᠵᠢᠪᠡ᠃ ᠬᠢᠩᠭᠠᠨ ᠠᠶᠢᠮᠠᠭ ᠪᠠᠰᠠ | ᠲᠤᠰᠬᠠᠢ ᠠᠰᠢᠭ ᠤᠨ ᠶᠠᠰᠤ ᠴᠢᠨᠠᠷ ᠢᠶᠠᠷ ᠰᠠᠶᠢᠨ᠂ ᠰᠠᠭᠤᠷᠢ ᠪᠠᠷ ᠰᠠᠶᠢᠨ᠂ ᠠᠵᠤ ᠦᠢᠯᠡᠰ ᠤᠨ ᠳᠠᠶᠢᠴᠢᠯᠠᠬᠤ | ᠬᠦᠴᠦᠨ ᠢᠶᠠᠷ ᠴᠢᠩᠭ᠎ᠠ 12 ᠠᠵᠤ ᠠᠬᠤᠶᠢᠯᠠᠯ ᠢ ᠤᠯᠤᠰ ᠤᠨ ᠲᠤᠰᠬᠠᠢ ᠠᠰᠢᠭ ᠤᠨ ᠠᠵᠤ ᠦᠢᠯᠡᠰᠵᠢᠯᠲᠡ ᠶᠢᠨ | ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ ᠬᠥᠮᠥᠷᠭᠡ ᠳᠤ ᠣᠷᠣᠭᠤᠯᠵᠦ᠂ ᠲᠦᠴᠢᠦᠸᠠᠨ ᠰᠢᠶᠠᠨ ᠢ | ᠵᠢᠯᠣᠭᠤᠳᠤᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ | ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢᠶᠠᠷ ᠲᠣᠭᠲᠠᠭᠠᠭᠰᠠᠨ ᠪᠥᠭᠡᠳ ᠲᠠᠸᠠᠷ ᠤᠨ ᠨᠠᠷᠠᠲᠤ ᠲᠥᠷᠥᠯ ᠳᠡᠮᠳᠡᠭ | ᠭᠤᠶᠤᠴᠢᠯᠠᠬᠤ ᠶᠢ ᠵᠢᠯᠣᠭᠤᠳᠬᠤ ᠥᠷᠲᠡᠭᠡ 2᠂ ᠭᠠᠵᠠᠷ ᠵᠦᠶ ᠶᠢᠨ ᠪᠡᠯᠭᠡ ᠲᠡᠮᠳᠡᠭ ᠤᠨ ᠢᠯᠡᠷᠬᠡᠶᠢᠯᠡᠯ ᠢ | ᠭᠤᠶᠤᠴᠢᠯᠠᠬᠤ ᠶᠢ ᠵᠢᠯᠣᠭᠤᠳᠬᠤ ᠥᠷᠲᠡᠭᠡ 1 ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ | ᠬᠠᠮᠠᠭᠠᠯᠠᠬᠤ ᠶᠢ ᠲᠤᠰᠠᠯᠠᠬᠤ ᠥᠷᠲᠡᠭᠡ 1 ᠶᠢ ᠪᠠᠶᠢᠭᠤᠯᠬᠤ ᠪᠠᠷ ᠵᠥᠪᠰᠢᠶᠡᠷᠡᠭᠳᠡᠪᠡ᠃ | ︽ᠪᠢᠳᠡ ᠬᠢᠩᠭᠠᠨ ᠠᠶᠢᠮᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ | ᠳᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠡᠷᠭᠡ ᠬᠠᠮᠢᠶ᠎ᠠ ᠪᠦᠬᠦᠢ | ᠠᠵᠢᠯ ᠢ ᠦᠷᠭᠦᠯᠵᠢᠯᠡᠨ ᠠᠬᠢᠭᠤᠯᠵᠤ᠂ ︿ᠲᠦᠴᠢᠦᠸᠠᠨ ᠤ ᠠᠭᠠᠯᠢᠭ ᠠᠯᠢᠮ᠎ᠠ﹀ ᠵᠡᠷᠭᠡ 4 ᠭᠠᠵᠠᠷ ᠵᠦᠶ ᠶᠢᠨ | ᠢᠯᠡᠷᠬᠡᠶᠢᠯᠡᠯ ᠢ ᠭᠦᠢᠴᠡᠳᠭᠡᠬᠦ ᠠᠬᠢᠴᠠ ᠶᠢ ᠴᠢᠩᠭ᠎ᠠ ᠠᠩᠬᠠᠷᠴᠤ᠂ ︿ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠪᠡᠯᠴᠢᠭᠡᠷ ᠤᠨ ᠬᠤᠨᠢ﹀ ᠵᠢᠴᠢ ᠷᠠᠰᠢᠶᠠᠨ ᠤ ᠤᠨᠴᠠᠯᠢᠭᠳᠤ ᠣᠶ ᠰᠢᠭᠤᠶ ᠶᠢᠨ ᠪᠦᠲᠦᠭᠡᠭᠳᠡᠬᠦᠨ ᠵᠡᠷᠭᠡ | ᠭᠠᠵᠠᠷ ᠵᠦᠶ ᠶᠢᠨ ᠢᠯᠡᠷᠬᠡᠶᠢᠯᠡᠯᠳᠦ ᠲᠠᠸᠠᠷ ᠤᠨ ᠲᠡᠮᠳᠡᠭ᠂ ᠭᠠᠵᠠᠷ ᠵᠦᠶ ᠶᠢᠨ ᠢᠯᠡᠷᠬᠡᠶᠢᠯᠡᠯᠳᠦ ᠬᠠᠮᠠᠭᠠᠯᠠᠯᠲᠠ ᠶᠢᠨ | ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠬᠦ ᠪᠣᠯᠤᠮᠵᠢᠲᠤ ᠴᠢᠨᠠᠷ ᠤᠨ ᠪᠠᠶᠢᠴᠠᠭᠠᠨ ᠰᠤᠳᠤᠯᠤᠯᠲᠠ ᠶᠢ ᠭᠦᠨᠵᠡᠭᠡᠶ | ᠥᠷᠨᠢᠭᠦᠯᠵᠦ᠂ ᠬᠢᠩᠭᠠᠨ ᠠᠶᠢᠮᠠᠭ ᠤᠨ ᠨᠠᠩ ᠣᠯᠠᠨ ᠴᠢᠨᠠᠷ ᠰᠠᠶᠢᠲᠠᠶ ᠪᠦᠲᠦᠭᠡᠭᠳᠡᠬᠦᠨ ᠢ ᠪᠥᠬᠦ ᠤᠯᠤᠰ ᠤᠨ ᠵᠠᠬ᠎ᠠ | ᠳᠡᠯᠭᠡᠭᠦᠷ ᠲᠤ ᠭᠠᠷᠭᠠᠨ᠎ᠠ︾ ᠭᠡᠵᠦ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠠᠯᠠᠭᠠᠨ ᠳᠠᠷᠤᠭ᠎ᠠ ᠳ᠋ᠦ᠋ ᠴᠢᠦ ᠰᠢᠶᠠᠩ ᠬᠡᠯᠡᠪᠡ᠃ ︵ᠯᠢ ᠤᠭ᠍ᠶᠦ ᠳ᠋ᠢᠶᠤᠤ | ᠪᠥᠸᠧ ᠢᠦᠢ︶ |