| | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ 1 ᠰᠠᠷ᠎ᠠ ᠶᠢᠨ 7 ᠤ ᠡᠳᠦᠷ᠂ ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠲᠣᠬᠤᠨᠢᠭᠤᠯᠬᠤ ᠳᠤᠭᠤᠶᠢᠯᠠᠩ ᠤᠯᠠᠭᠠᠨᠬᠤᠲᠠ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠲᠤ | ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃、 | | | | | ᠲᠤᠰ ᠠᠵᠢᠯᠯᠠᠭ᠎ᠠ ᠳᠤ᠂ ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠲᠣᠬᠤᠨᠢᠭᠤᠯᠬᠤ ᠳᠤᠭᠤᠶᠢᠯᠠᠩ ᠤᠨ ᠬᠢᠨ ᠬᠡᠦᠬᠡᠳ ᠤᠨ ᠴᠡᠴᠡᠷᠯᠢᠭ ᠤᠨ ᠰᠣᠶᠣᠯ ᠤᠨ ᠪᠠᠶᠢᠭᠤᠯᠤᠯᠲᠠ᠂ ᠡᠳᠦᠷ | ᠳᠤᠳᠤᠮ ᠤᠨ ᠵᠢᠭᠠᠨ ᠰᠤᠷᠭᠠᠯᠲᠠ ᠵᠢᠴᠢ ᠢᠳᠡᠭᠡᠨ ᠤᠮᠳᠠᠭᠠᠨ ᠤ ᠪᠠᠲᠤᠯᠠᠭ᠎ᠠ ᠵᠡᠷᠭᠡ ᠲᠠᠯ᠎ᠠ ᠶᠢᠨ ᠪᠣᠳᠠᠲᠠᠢ ᠠᠷᠭ᠎ᠠ | ᠬᠡᠮᠵᠢᠶ᠎ᠡ ᠪᠣᠯᠤᠨ ᠠᠵᠢᠯ ᠤᠨ ᠦᠷ᠎ᠡ ᠪᠦᠲᠦᠭᠡᠯ ᠢ ᠨᠠᠷᠢᠨ ᠣᠶᠢᠯᠠᠭᠠᠵᠤ᠂ ᠬᠡᠦᠬᠡᠳ ᠤᠨ ᠴᠡᠴᠡᠷᠯᠢᠭ ᠨᠢ ᠰᠢᠯᠢᠳᠡᠭ | ᠤᠯᠠᠮᠵᠢᠯᠠᠯ ᠢᠶᠠᠨ ᠦᠷᠭᠦᠯᠵᠢᠯᠡᠨ ᠪᠠᠷᠢᠮᠲᠠᠯᠠᠵᠤ᠂ ᠰᠤᠷᠭᠠᠨ ᠬᠥᠮᠦᠵᠢᠯ ᠤᠨ ᠠᠭᠤᠯᠤᠭᠳᠠᠬᠤᠨ ᠢ ᠴᠢᠨᠠᠭᠰᠢᠳᠠ | ᠭᠦᠨᠵᠡᠭᠡᠶᠢᠷᠡᠭᠦᠯᠵᠦ᠂ ᠨᠡᠩ ᠤᠯᠠᠨ ᠡᠭᠦᠷᠭᠡᠯᠡᠯ ᠲᠠᠢ᠂ ᠬᠡᠪ ᠪᠣᠯᠪᠠᠰᠤᠷᠠᠯ ᠲᠠᠢ ᠰᠢᠨ᠎ᠡ ᠴᠠᠭ ᠦᠶ᠎ᠡ ᠶᠢᠨ | ᠵᠠᠯᠭᠠᠮᠵᠢᠯᠠᠭᠴᠢ ᠶᠢ ᠬᠥᠮᠦᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ ᠭᠡᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠠᠶᠢᠷ᠎ᠠ ᠬᠠᠯᠠᠮᠵᠢᠲᠤ ᠠᠵᠤ ᠠᠬᠤᠶᠢᠯᠠᠯ ᠠᠴᠠ ᠤᠯᠠᠭᠠᠨᠬᠤᠲᠠ ᠶᠢᠨ ᠬᠤᠶᠠᠳᠤᠭᠠᠷ ᠬᠡᠦᠬᠡᠳ ᠤᠨ | ᠴᠡᠴᠡᠷᠯᠢᠭ ᠲᠤ ᠡᠳ᠋ ᠪᠣᠳᠠᠰ ᠬᠦᠷᠭᠡᠪᠡ᠃ | ︽ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠰᠤᠷᠭᠠᠭᠤᠯᠢ ᠶᠢᠨ ᠬᠦᠷᠢᠶᠡᠨ ᠳᠤ ᠣᠷᠣᠬᠤ ᠪᠠᠷ | ᠳᠠᠮᠵᠢᠨ᠂ ᠬᠡᠤᠬᠡᠳ ᠤᠨ ᠴᠡᠴᠡᠷᠯᠢᠭ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠣᠶᠢᠯᠠᠭᠠᠵᠤ᠂ | ᠨᠢᠭᠡᠨ ᠬᠠᠶᠢᠷ᠎ᠠ ᠬᠠᠯᠠᠮᠵᠢ ᠶᠢᠨ ᠬᠥᠭᠦᠷᠭᠡ ᠪᠠᠶᠢᠭᠤᠯᠵᠤ᠂ ᠠᠵᠤ ᠠᠬᠤᠶᠢᠯᠠᠯ ᠢ ᠨᠡᠶᠢᠭᠡᠮ ᠤᠨ ᠬᠠᠷᠢᠭᠤᠴᠠᠯᠭ᠎ᠠ ᠪᠠᠨ | ᠨᠠᠩ ᠰᠠᠶᠢᠲᠤᠷ ᠭᠦᠢᠴᠡᠳᠬᠡᠵᠦ᠂ ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠳᠠᠷᠠᠭᠠᠴᠢ ᠶᠢᠨ ᠠᠯᠬᠤᠮ ᠳᠤ᠂ | ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠡᠶᠢᠭᠡᠮ ᠤᠨ ᠬᠦᠴᠦᠨ ᠢ ᠦᠷᠭᠦᠯᠵᠢᠯᠡᠨ | ᠥᠷᠭᠡᠨ ᠢᠶᠠᠷ ᠲᠠᠶᠢᠴᠢᠯᠠᠵᠦ᠂ ᠰᠤᠷᠭᠠᠨ ᠬᠥᠮᠦᠵᠢᠯ ᠤᠨ ᠦᠢᠯᠡᠰ ᠲᠤ ᠢᠳᠡᠪᠬᠢᠲᠡᠢ ᠣᠷᠣᠯᠴᠠᠨ ᠳᠡᠮᠵᠢᠵᠦ᠂ ᠰᠤᠷᠭᠠᠨ | ᠬᠥᠮᠦᠵᠢᠯ ᠤᠨ ᠦᠢᠯᠡᠰ ᠲᠤ ᠬᠤᠪᠢ ᠨᠡᠮᠡᠷᠢ ᠪᠠᠨ ᠦᠵᠡᠭᠦᠯᠵᠦ᠂ ᠬᠠᠶᠢᠷ᠎ᠠ ᠬᠠᠯᠠᠮᠵᠢ ᠪᠠᠨ ᠡᠷᠭᠦᠨ᠎ᠡ︾ ᠬᠡᠵᠦ | ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠤ ᠠᠬᠤᠶᠢᠯᠠᠯᠲᠠᠳ ᠤᠨ ᠳᠡᠳ᠋ | ᠲᠡᠷᠢᠭᠦᠯᠡᠭᠴᠢ ᠯᠢᠦ ᠬᠤᠩ ᠪᠢᠩ ᠬᠡᠯᠡᠪᠡ᠃ | |