| | ᠬᠢᠩᠭᠠᠨ ᠠᠶᠢᠮᠠᠭ ᠤᠨ ᠤᠰᠤ ᠲᠠᠢ ᠬᠤᠯᠪᠣᠭᠳᠠᠭᠰᠠᠨ ᠠᠵᠤ ᠠᠬᠤᠶᠢᠯᠠᠯ ᠤᠨ ᠬᠠᠶᠠᠭᠳᠠᠮᠠᠯ ᠤᠰᠤ | ᠭᠠᠳᠠᠭᠰᠢᠯᠠᠭᠤᠯᠬᠤ ᠪᠠᠶᠢᠳᠠᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠪᠣᠳᠠᠲᠠᠶ ᠣᠷᠴᠢᠨ ᠲᠣᠭᠤᠷᠢᠨ ᠤ ᠠᠰᠠᠭᠤᠳᠠᠯ ᠢ | ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠳᠤ᠂ ᠬᠢᠩᠭᠠᠨ ᠠᠶᠢᠮᠠᠭ ᠤᠨ ᠠᠮᠢ ᠠᠬᠤᠶ ᠶᠢᠨ ᠣᠷᠴᠢᠨ | ᠲᠣᠭᠤᠷᠢᠨ ᠤ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠬᠠᠤᠯᠢ ᠬᠡᠷᠡᠭᠵᠢᠭᠦᠯᠬᠦ | ᠠᠵᠢᠯᠲᠠᠨ ᠢᠶᠠᠨ ᠵᠣᠬᠢᠶᠠᠨ ᠪᠠᠶᠢᠭᠤᠯᠤᠨ ᠤᠯᠠᠭᠠᠨᠬᠤᠲᠠ ᠶᠢᠨ ᠴᠧᠩ ᠽᠧ ᠤᠰᠤᠨ ᠤ ᠶᠠᠪᠤᠳᠠᠯ ᠤᠨ ᠪᠦᠷᠢᠨ ᠪᠤᠰᠤ | ᠬᠠᠷᠢᠭᠤᠴᠠᠯᠭᠠᠲᠤ ᠺᠣᠮᠫᠠᠨᠢ ᠶᠢᠨ ᠭᠤᠤᠯ ᠬᠤᠲᠠ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠷ | ᠭᠦᠨᠵᠡᠭᠡᠶᠢᠷᠡᠨ ᠤᠰᠤ ᠲᠠᠢ ᠬᠤᠯᠪᠣᠭᠳᠠᠬᠤ ᠠᠵᠤ ᠠᠬᠤᠶᠢᠯᠠᠯ ᠤᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ | ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠭᠤᠤᠯᠳᠠᠯᠭ᠎ᠠ ᠲᠠᠢ ᠠᠭᠤᠯᠭ᠎ᠠ ᠳᠤ ᠠᠵᠤ ᠠᠬᠤᠶᠢᠯᠠᠯ ᠤᠨ ᠦᠨᠳᠦᠰᠦᠨ | ᠪᠠᠶᠢᠳᠠᠯ᠂ ᠪᠣᠬᠢᠷᠲᠤᠯ ᠢ ᠵᠠᠰᠠᠬᠤ ᠲᠦᠬᠦᠭᠡᠷᠦᠮᠵᠢ ᠶᠢᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢᠨ | ᠠᠵᠢᠯᠯᠠᠭᠠᠨ ᠤ ᠪᠠᠶᠢᠳᠠᠯ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠤᠭᠰᠠᠨ ᠪᠠᠶᠢᠳᠠᠯ᠂ | ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠲᠦᠷᠢᠮ ᠢ ᠬᠡᠷᠡᠭᠵᠢᠭᠦᠯᠵᠦ | ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠬᠠᠶᠠᠭᠳᠠᠮᠠᠯ ᠤᠰᠤ ᠶᠢ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠶᠢ | ᠤᠭᠰᠠᠷᠠᠵᠤ ᠬᠡᠷᠡᠭᠯᠡᠭᠰᠡᠨ ᠪᠠᠶᠢᠳᠠᠯ ᠪᠠ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠡᠷᠭᠡ | ᠪᠠᠭᠲᠠᠨ᠎ᠠ᠃ | | | | | ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠹᠠᠩ ᠱᠣ᠋ ᠪᠢᠨ᠂ ᠬᠢᠩᠭᠠᠨ ᠠᠶᠢᠮᠠᠭ ᠤᠨ ᠠᠮᠢ | ᠠᠬᠤᠶ ᠣᠷᠴᠢᠨ ᠲᠣᠭᠤᠷᠢᠨ ᠤ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ︽ᠨᠠᠷᠢᠯᠢᠭ | ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ | ᠪᠣᠬᠢᠷᠲᠤᠯ ᠢ ᠵᠠᠰᠠᠬᠤ︾ ᠶᠢ ᠢᠮᠠᠭᠲᠠ ᠪᠠᠷᠢᠮᠲᠠᠯᠠᠵᠤ᠂ ᠲᠤᠰᠬᠠᠶ ᠠᠵᠢᠯᠯᠠᠭ᠎ᠠ᠂ ᠣᠯᠠᠨ ᠲᠦᠮᠡᠨ ᠵᠠᠬᠢᠳᠠᠯ | ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠬᠦ᠂ ︽ᠬᠤᠶᠠᠷ ᠢ ᠳᠤᠬᠢᠶᠠᠯᠳᠤᠯ ᠢᠶᠠᠷ ᠰᠤᠩᠭᠤᠬᠤ᠂ ᠨᠢᠭᠡ ᠶᠢ ᠢᠯᠡ | ᠪᠣᠯᠭᠠᠬᠤ︾ ᠵᠡᠷᠭᠡ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢᠶᠠᠷ ᠭᠠᠷᠳᠠᠴᠠ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠤᠰᠤ ᠲᠠᠢ ᠬᠤᠯᠪᠣᠭᠳᠠᠬᠤ ᠠᠵᠤ | ᠠᠬᠤᠶᠢᠯᠠᠯ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠭᠤᠭᠴᠤᠭ᠎ᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠬᠦᠭᠡᠷᠦᠮᠵᠢ ᠶᠢᠨ ᠬᠡᠪ ᠤᠨ ᠠᠵᠢᠯᠯᠠᠭᠠᠨ ᠤ ᠪᠠᠶᠢᠳᠠᠯ᠂ | ᠭᠠᠷᠬᠤ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠦᠭᠰᠡᠨ ᠪᠠᠶᠢᠳᠠᠯ ᠵᠢᠴᠢ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠲᠠᠩᠰᠠ ᠡᠪᠬᠡᠮᠡᠯ ᠪᠠᠶᠢᠭᠤᠯᠤᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ | ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ᠂ | ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ᠂ ᠵᠠᠰᠠᠭ ᠵᠠᠬᠢᠷᠭᠠᠨ ᠤ ᠰᠢᠳᠬᠡᠯ ᠥᠭᠬᠦ ᠵᠡᠷᠭᠡ ᠬᠦᠴᠦᠲᠡᠶ | ᠠᠷᠭ᠎ᠠ ᠬᠡᠮᠵᠢᠶ᠎ᠡ ᠠᠪᠬᠤ ᠪᠠᠷ ᠳᠠᠮᠵᠢᠨ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠡᠢ ᠭᠡᠪᠡ᠃ | | | | | 2024 ᠣᠨ ᠠᠴᠠ ᠨᠠᠭᠠᠰᠢ᠂ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠬᠢ ᠤᠰᠤ ᠲᠠᠢ ᠬᠤᠯᠪᠤᠭᠳᠠᠭᠰᠠᠨ ᠪᠣᠬᠢᠷᠲᠤᠯ | ᠭᠠᠳᠠᠭᠰᠢᠯᠠᠭᠤᠯᠬᠤ ᠨᠢᠭᠡᠴᠢ ᠳᠤ 100 ᠭᠠᠷᠤᠢ ᠤᠳᠠᠭ᠎ᠠ ᠬᠢᠨᠠᠯᠲᠠ ᠲᠠᠯᠪᠢᠨ ᠪᠠᠶᠢᠴᠠᠭᠠᠵᠤ᠂ 30 ᠣᠷᠴᠢᠨ | ᠲᠣᠭᠤᠷᠢᠨ ᠤ ᠠᠰᠠᠭᠤᠳᠠᠯ ᠢ ᠢᠯᠡᠷᠡᠭᠦᠯᠦᠨ ᠴᠡᠭᠴᠡᠯᠡᠨ ᠵᠠᠰᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠷᠴᠢᠨ | ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ | |