ᠤᠯᠠᠭᠠᠨᠬᠤᠲᠠ ᠶᠢᠨ ᠪᠠᠶ᠋ᠬᠠᠤᠰᠤ ᠭᠠᠴᠠᠭ᠎ᠠ ᠠᠳᠠᠯ ᠠᠬᠤᠶ ᠶᠢᠨ ᠦᠢᠯᠡᠴᠢᠯᠡᠭᠡᠨ ᠤ ᠺᠣᠮᠫᠠᠨᠢ ᠶᠢ ᠣᠷᠤᠭᠤᠯᠣᠨ ᠠᠪᠴᠢᠷᠠᠵᠤ ᠭᠠᠴᠠᠭᠠᠨ ᠤ ᠠᠷᠠᠳ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2025/1/13
           ᠣᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠪᠠᠶ᠋ᠬᠠᠤᠰᠤ ᠭᠠᠴᠠᠭ᠎ᠠ ᠨᠢ ᠪᠥᠬᠦ ᠭᠠᠴᠠᠭ᠎ᠠ  ᠶᠢ ᠨᠡᠭᠦᠯᠭᠡᠬᠦ ᠠᠵᠢᠯ ᠤᠨ ᠳᠤᠮᠳᠠᠬᠢ ᠴᠢᠬᠤᠯᠠ ᠨᠢᠭᠡ ᠠᠯᠬᠤᠮ ᠢ ᠠᠯᠬᠤᠪᠠ᠃ ᠳᠠᠷᠤᠢ ᠲᠤᠰᠬᠠᠶ ᠮᠡᠷᠭᠡᠵᠢᠯ ᠤᠨ ᠠᠳᠠᠯ ᠠᠬᠤᠶ ᠶᠢᠨ ᠦᠢᠯᠡᠴᠢᠯᠡᠭᠡᠨ ᠤ ᠺᠣᠮᠫᠠᠨᠢ ᠶᠢ ᠣᠷᠣᠭᠤᠯᠤᠨ ᠠᠪᠴᠢᠷᠠᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ 
640 (1).jpg
       ︽ᠰᠢᠨ᠎ᠡ ᠭᠠᠴᠠᠭᠠᠨ ᠤ ᠨᠡᠭᠦᠭᠰᠡᠨ ᠠᠴᠠ ᠨᠠᠭᠠᠰᠢ᠂ ᠮᠠᠨ ᠤ ᠠᠮᠢᠳᠤᠷᠠᠯ ᠤᠨ ᠴᠢᠨᠠᠷ ᠴᠢᠨᠰᠠᠭ᠎ᠠ ᠮᠠᠰᠢ ᠶᠡᠭᠡ ᠰᠠᠶᠢᠵᠢᠷᠠᠵᠡᠢ᠂ ᠢᠯᠠᠩᠭᠤᠶ᠎ᠠ ᠤᠳᠤ ᠠᠳᠠᠯ ᠠᠬᠤᠢ ᠶᠢᠨ ᠺᠣᠮᠫᠠᠨᠢ ᠣᠷᠣᠵᠤ ᠰᠠᠭᠤᠭᠰᠠᠨ ᠠᠴᠠ ᠨᠠᠭᠠᠰᠢ᠂ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠪᠣᠬᠢᠷ ᠤᠰᠤᠨ ᠤ ᠵᠠᠮ ᠪᠥᠭᠯᠡᠷᠡᠪᠡᠴᠦ ᠠᠳᠠᠯ ᠠᠬᠤᠢ ᠶᠢᠨ ᠺᠣᠮᠫᠠᠨᠢ ᠴᠠᠭ ᠲᠤᠬᠠᠢ ᠳᠤᠨᠢ ᠭᠡᠷ ᠲᠤ ᠢᠷᠡᠵᠦ ᠰᠦᠢᠳᠬᠡᠯ ᠬᠤᠷᠢᠶᠠᠬᠤ ᠦᠭᠡᠢ ᠪᠠᠷ ᠪᠢᠳᠡᠨ ᠳᠤ ᠰᠡᠯᠪᠢᠨ ᠵᠠᠰᠠᠵᠤ ᠥᠭᠭᠦᠨ᠎ᠡ᠂ ᠪᠢᠳᠡᠡ ᠤ ᠵᠣᠯ ᠵᠢᠷᠭᠠᠯᠲᠤ ᠲᠦᠷᠦᠭᠳᠡᠯ ᠮᠠᠰᠢ ᠥᠨᠳᠥᠷ ᠪᠠᠶᠢᠨ᠎ᠠ︾ ᠭᠡᠵᠦ ᠪᠠᠶ᠋ᠬᠠᠤᠰᠤ ᠭᠠᠴᠠᠭᠠᠨ ᠤ ᠠᠷᠠᠳ ᠣᠣ ᠲᠢᠶᠧ ᠮᠢᠩ ᠬᠡᠯᠡᠪᠡ᠃ 
640 (3).jpg
       ᠨᠡᠭᠦᠭᠰᠡᠨ ᠣᠯᠠᠨ ᠲᠦᠮᠡᠨ ᠳᠤ ᠨᠠᠩ ᠰᠠᠶᠢᠨ ᠦᠢᠯᠡᠴᠢᠯᠡᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠬᠠᠩᠭᠠᠬᠤ ᠶᠢᠨ ᠲᠥᠯᠥᠭᠡ᠂ ᠭᠡᠭᠡᠨᠰᠦ᠋ᠮ᠎ᠡ ᠪᠠᠯᠭᠠᠰᠤ ᠠᠳᠠᠯ ᠠᠬᠤᠶ ᠶᠢᠨ ᠺᠣᠮᠫᠠᠨᠢ ᠶᠢ ᠣᠷᠣᠭᠤᠯᠤᠨ ᠠᠪᠴᠢᠷᠠᠵᠤ ᠪᠥᠬᠦ ᠭᠠᠴᠠᠭ᠎ᠠ ᠶᠢ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠭᠠᠵᠤ᠂ 2025 ᠣᠨ ᠤ 1 ᠰᠠᠷ᠎ᠠ ᠳᠤ ᠭᠤᠷᠪᠠᠳᠠᠬᠢ ᠡᠲᠡᠭᠡᠳ ᠲᠤᠰᠬᠠᠶ ᠮᠡᠷᠭᠡᠵᠢᠯ ᠤᠨ ᠠᠳᠠᠯ ᠠᠬᠤᠶ ᠶᠢᠨ ᠺᠣᠮᠫᠠᠨᠢ ᠶᠢ ᠪᠠᠶ᠋ᠬᠠᠤᠰᠤ ᠭᠠᠴᠠᠭ᠎ᠠ ᠳᠤ ᠣᠷᠣᠭᠤᠯᠤᠨ ᠠᠪᠴᠢᠷᠠᠵᠤ᠂ ᠨᠡᠭᠦᠭᠰᠡᠨ ᠣᠯᠠᠨ ᠲᠦᠮᠡᠨ ᠳᠤ ᠨᠡᠩ ᠰᠢᠯᠢᠳᠡᠭ ᠠᠮᠢᠳᠤᠷᠠᠯ ᠤᠨ ᠣᠷᠴᠢᠨ ᠨᠥᠭᠦᠴᠡᠯ ᠬᠠᠩᠭᠠᠵᠠᠢ᠃       ︽ᠮᠠᠨ ᠤ ᠺᠣᠮᠫᠠᠨᠢ ᠣᠲᠣ ᠪᠠᠶᠢᠭ᠎ᠠ ᠴᠡᠪᠡᠷᠯᠡᠭᠴᠢ᠂ ᠤᠰᠤ ᠴᠠᠬᠢᠯᠭᠠᠨ ᠰᠡᠯᠪᠢᠨ ᠵᠠᠰᠠᠬᠤ ᠠᠵᠢᠯᠴᠢᠨ ᠵᠡᠷᠭᠡ ᠠᠷᠪᠠᠭᠠᠳ ᠠᠵᠢᠯᠲᠠᠨ ᠪᠠᠶᠢᠵᠤ᠂ ᠵᠠᠮ ᠴᠡᠪᠡᠷᠯᠡᠬᠦ ᠲᠡᠷᠭᠡ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠵᠡᠷᠭᠡ ᠮᠠᠰᠢᠨ ᠲᠥᠬᠦᠭᠡᠷᠦᠮᠵᠢ ᠬᠤᠳᠠᠯᠳᠤᠨ ᠠᠪᠴᠤ᠂ ᠡᠳᠦᠷ ᠪᠦᠷᠢ ᠠᠳᠠᠭ ᠲᠠᠭᠠᠨ ᠨᠢᠭᠡ ᠤᠳᠠᠭ᠎ᠠ ᠴᠡᠪᠡᠷᠯᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠪᠢᠳᠡ ᠪᠠᠰᠠ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠦᠨ᠎ᠡ ᠲᠥᠯᠥᠪᠦᠷᠢ ᠥᠬᠡᠶ ᠪᠠᠷ ᠲᠡᠳᠡᠨ ᠳᠤ ᠳ᠋ᠧᠩ ᠰᠣᠯᠢᠬᠤ᠂ ᠪᠣᠬᠢᠷ ᠤᠰᠤᠨ ᠤ ᠵᠠᠮ ᠢ ᠨᠡᠪᠲᠡᠷᠡᠭᠦᠯᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠨᠡᠭᠦᠭᠰᠡᠨ ᠣᠯᠠᠨ ᠲᠦᠮᠡᠨ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠠᠳᠠᠯ ᠠᠬᠤᠶ ᠶᠢᠨ ᠦᠢᠯᠡᠴᠢᠯᠡᠭᠡ ᠬᠦᠷᠲᠡᠭᠡᠵᠦ ᠪᠠᠶᠢᠨ᠎ᠠ︾ ᠭᠡᠵᠦ ᠤᠯᠠᠭᠠᠨᠬᠤᠲᠠ ᠶᠢᠨ ᠰᠢᠨ ᠹᠧᠩ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠲᠢᠶᠠᠨ ᠶᠢᠩ ᠬᠤᠸᠠ ᠬᠡᠯᠡᠪᠡ᠃ 
640 (2).jpg
       ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠪᠠᠶ᠋ᠬᠠᠤᠰᠤ ᠭᠠᠴᠠᠭ᠎ᠠ ᠶᠢ ᠪᠦᠬᠦ ᠭᠠᠴᠠᠭ᠎ᠠ ᠪᠠᠷ ᠨᠢ ᠨᠡᠭᠦᠯᠭᠡᠬᠦ ᠲᠦᠷᠦᠯ ᠵᠦᠢᠯ ᠢ 2022 ᠣᠨ ᠳᠤ ᠵᠢᠩᠬᠢᠨᠢ ᠪᠠᠷ ᠡᠬᠢᠯᠡᠭᠦᠯᠵᠦ᠂ ᠲᠦᠷᠦᠯ ᠵᠦᠢᠯ ᠤᠨ ᠶᠡᠷᠦᠩᠬᠡᠢ ᠲᠠᠯᠠᠪᠠᠢ 530 ᠮᠦ ᠪᠠᠶᠢᠵᠤ᠂ ᠨᠢᠭᠡᠳᠦᠯᠲᠡᠢ ᠭᠡᠷ ᠪᠠᠷᠢᠵᠤ ᠲᠥᠪᠬᠢᠨᠡᠭᠦᠯᠬᠦ ᠳᠤ ᠨᠡᠶᠢᠳᠡ 80 ᠲᠡᠭᠰᠢ ᠳᠥᠷᠪᠡᠯᠵᠢᠨ ᠮᠧᠲᠷ᠂ 100 ᠲᠡᠭᠰᠢ ᠳᠥᠷᠪᠡᠯᠵᠢᠨ ᠮᠧᠲᠷ᠂ 120 ᠲᠡᠭᠰᠢ ᠳᠥᠷᠪᠡᠯᠵᠢᠨ ᠮᠧᠲᠷ᠂ 150 ᠲᠡᠭᠰᠢ ᠳᠥᠷᠪᠡᠯᠵᠢᠨ ᠮᠧᠲᠷ ᠲᠦᠷᠪᠡᠨ ᠵᠦᠢᠯ ᠤᠨ ᠡᠷᠦᠬᠡ ᠶᠢᠨ ᠬᠡᠯᠪᠡᠷᠢ ᠶᠢ ᠪᠠᠭᠲᠠᠭᠠᠨ᠎ᠠ᠃ ᠣᠲᠣ ᠪᠣᠯᠲᠠᠯ᠎ᠠ᠂ ᠨᠢᠭᠡᠳᠦᠯᠲᠡᠶ ᠪᠠᠷᠢᠭᠰᠠᠨ ᠬᠡᠷ ᠪᠠᠶᠢᠰᠢᠩ ᠨᠢᠭᠡᠨᠲᠡ 62 ᠪᠣᠯᠵᠣ᠂ ᠨᠢᠭᠡᠨᠲᠡ 31 ᠡᠷᠦᠬᠡ ᠣᠷᠣᠵᠤ ᠰᠠᠭᠤᠪᠠ᠃ ᠲᠠᠷᠠᠭᠠᠴᠢ ᠶᠢᠨ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠠᠯᠬᠤᠮ ᠠᠯᠬᠤᠮ ᠢᠶᠠᠷ ᠲᠡᠭᠦᠯᠳᠡᠷᠵᠢᠬᠦ ᠶᠢ ᠳᠠᠭᠠᠯᠳᠤᠨ᠂ ᠭᠡᠭᠡᠨᠰᠦ᠋ᠮ᠎ᠡ ᠪᠠᠯᠭᠠᠰᠤᠨ ᠤ ᠪᠠᠶ᠋ᠬᠠᠤᠰᠤ ᠭᠠᠴᠠᠭ᠎ᠠ ᠴᠣ᠋ ᠰᠢᠨ᠎ᠡ ᠳᠦᠷᠰᠦ ᠪᠠᠶᠢᠳᠠᠯ ᠢᠶᠠᠷ ᠪᠥᠬᠦ ᠭᠠᠴᠠᠭ᠎ᠠ ᠶᠢ ᠨᠡᠭᠦᠯᠭᠡᠬᠦ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃ 
640.jpg
       ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠳᠡᠳ᠋ ᠳᠠᠷᠤᠭ᠎ᠠ ᠲᠠᠩ ᠬᠤᠩ ᠸᠧᠶ᠂ ᠵᠠᠯᠭᠠᠭᠠᠳ ᠭᠡᠭᠡᠨᠰᠦ᠋ᠮ᠎ᠡ ᠪᠠᠯᠭᠠᠰᠤᠨ ᠤ ᠬᠢᠨ ᠪᠥᠬᠦ ᠭᠠᠴᠠᠭ᠎ᠠ ᠪᠠᠷ ᠨᠢ ᠨᠡᠭᠦᠬᠦ ︽ᠰᠡᠭᠦᠯᠴᠢ ᠶᠢᠨ ᠬᠠᠭᠠᠰ ᠠᠵᠢᠯ︾ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠨᠡᠭᠦᠭᠰᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠥᠬᠦ ᠲᠠᠯ᠎ᠠ ᠪᠠᠷ ᠨᠡᠮᠡᠭᠳᠡᠭᠦᠯᠦᠨ᠎ᠡ ᠭᠡᠵᠦ ᠢᠯᠡᠷᠬᠡᠶᠢᠯᠡᠵᠡᠢ᠃     
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号