| 1 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠭᠡᠰᠢᠬᠦᠳ ᠤᠨ ᠬᠤᠷᠠᠯ | ᠬᠤᠷᠠᠯᠳᠤᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ | ᠭᠤᠤᠯᠳᠠᠯᠭ᠎ᠠ ᠲᠠᠢ ᠡᠬᠦᠷᠭᠡ ᠶᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠵᠤ᠂ ᠲᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭᠠᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠲᠦᠪ ᠬᠤᠷᠢᠶᠠᠨ ᠤ ᠰᠶᠢᠳᠪᠦᠷᠢᠳᠦ | ᠪᠤᠳᠤᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠬᠤ | ᠬᠡᠷᠡᠭᠳᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ | ᠬᠤᠭᠤᠴᠠᠭ᠎ᠠ ᠪᠠᠷ ᠪᠦᠲᠦᠮᠵᠢᠲᠡᠢ ᠪᠤᠯᠭᠠᠬᠤ ᠶᠢ ᠯᠠᠪᠳᠠᠭᠤᠨ ᠪᠠᠳᠤᠳᠠᠢ ᠠᠬᠢᠭᠤᠯᠵᠦ᠂ ᠨᠠᠮ ᠤᠨ ᠰᠠᠬᠢᠯᠭ᠎ᠠ ᠪᠠᠲᠤ ᠶᠢᠨ | ᠬᠥᠮᠦᠵᠢᠯ ᠤᠨ ᠬᠢᠵᠠᠭᠠᠷᠯᠠᠬᠤ᠂ ᠤᠷᠮᠠᠰᠢᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠲᠤᠭᠤᠰᠢᠯᠠᠭᠤᠯᠵᠦ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠢ ᠬᠦᠳᠦᠯᠦᠨ ᠵᠢᠯᠤᠭᠤᠳᠴᠦ ᠪᠠᠶᠢᠭᠠᠳ ᠲᠦᠷᠢᠮ ᠲᠤᠭᠳᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠤᠷᠢᠲᠠᠯ ᠳᠣᠣᠷ᠎ᠠ ᠰᠡᠳᠭᠢᠯ ᠠᠮᠤᠷ ᠠᠵᠢᠯᠯᠠᠭᠤᠯᠵᠤ᠂ ᠵᠣᠷᠢᠭᠲᠠᠢ ᠪᠠᠷ ᠠᠵᠢᠯ ᠬᠢᠯᠭᠡᠬᠦ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠤᠬᠠᠮᠰᠠᠷ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ ᠵᠣᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠢ ᠦᠨᠳᠦᠷ | ᠪᠠᠷᠢᠮᠵᠢᠶ᠎ᠡ ᠪᠠᠷ ᠴᠢᠨᠠᠷ ᠰᠠᠶᠢᠳᠠᠢ ᠰᠠᠶᠢᠳᠤᠷ ᠬᠢᠬᠦ ᠬᠡᠷᠡᠭᠳᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠲᠡᠭᠡᠷᠡᠬᠢ ᠴᠢᠬᠤᠯᠠ | ᠶᠠᠷᠢᠶ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠲᠥᠪᠡᠳ ᠤᠨ ᠰᠢᠭᠠᠽ ᠬᠤᠳᠠ ᠶᠢᠨ ᠲᠢᠩᠷᠢ ᠰᠢᠶᠠᠨ ᠤ 6. | 8 ᠳᠡᠰ ᠤᠨ ᠭᠠᠵᠠᠷ ᠬᠥᠳᠡᠯᠦᠯᠲᠡ ᠳᠤ ᠦᠭᠬᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠦ᠂ ᠴᠠᠭ ᠢᠮᠠᠭᠲᠠ ᠰᠠᠨᠠᠭ᠎ᠠ ᠠᠮᠤᠷ ᠦᠭᠡᠢ᠂ ᠶᠠᠪᠤᠳᠠᠯ ᠪᠦᠬᠦᠨ ᠳᠤ ᠳᠣᠲᠣᠷ᠎ᠠ ᠪᠠᠨ | ᠲᠤᠭ᠎ᠠ ᠲᠠᠢ ᠪᠠᠶᠢᠬᠤ ᠬᠠᠷᠢᠭᠤᠴᠠᠯᠭᠠᠲᠤ ᠰᠡᠳᠭᠢᠯᠭᠡ ᠪᠠᠷ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠬᠦ ᠪᠠ ᠠᠮᠤᠷ | ᠲᠦᠪᠰᠢᠨ ᠢ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠨ ᠴᠡᠭᠴᠡᠯᠡᠨ | ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠷᠠᠳ ᠤᠯᠠᠨ ᠤ ᠠᠮᠢ ᠨᠠᠰᠤ | ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ | ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠬᠠᠶᠢᠨᠠᠨ ᠮᠤᠵᠢ ᠶᠢᠨ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠶᠢᠯᠠᠭᠠᠵᠦ᠂ ᠤᠳᠤᠬᠢᠴᠢᠯᠠᠭᠰᠠᠨ ᠠᠵᠦ | ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠡᠭᠡᠭᠡᠯᠲᠡ | ᠬᠢᠬᠦ ᠶᠢ ᠥᠷᠭᠡᠳᠭᠡᠵᠦ᠂ ᠤᠮᠠᠷᠠᠳᠦ ᠬᠢᠯᠢ ᠶᠢᠨ ᠰᠤᠶᠤᠯ ᠤᠨ ᠨᠡᠷᠡᠳᠦ ᠲᠦᠷᠦᠯ ᠲᠡᠮᠳᠡᠭᠳᠦ ᠶᠢ ᠤᠯᠠᠮ ᠨᠢᠭᠡ ᠠᠯᠬᠤᠮ | ᠪᠤᠢ ᠪᠤᠯᠭᠠᠵᠦ᠂ ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠨᠡᠶᠢᠭᠡᠮ ᠤᠨ ᠵᠠᠰᠠᠯᠳᠠ ᠶᠢᠨ ᠬᠢᠷᠢ ᠬᠡᠮᠵᠢᠶ᠎ᠡ ᠶᠢ | ᠬᠦᠴᠦᠯᠡᠨ ᠲᠡᠭᠡᠭᠰᠢᠯᠡᠬᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ | ᠠᠬᠢᠭᠤᠯᠬᠤ ᠬᠡᠷᠡᠭᠳᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ | ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠠᠶᠢᠮᠠᠭ ᠤᠨ | ᠪᠠᠶᠢᠳᠠᠯ ᠤᠨ ᠪᠣᠳᠠᠲᠠᠢ ᠳᠤ ᠰᠠᠭᠤᠷᠢᠯᠠᠵᠤ᠂ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ | ᠤᠨᠴᠠᠯᠢᠬᠳᠤ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ | ᠤᠬᠠᠭᠤᠯᠭ᠎ᠠ ᠬᠥᠮᠦᠵᠢᠯ ᠢ ᠬᠦᠴᠦᠯᠡᠨ ᠰᠠᠶᠢᠲᠤᠷ ᠬᠢᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠶᠢ ᠠᠬᠢᠭᠤᠯᠬᠤ ᠳᠤ ᠬᠢᠩᠭᠠᠨ ᠤ ᠬᠦᠴᠦᠨ ᠢ ᠨᠡᠮᠡᠷᠢᠯᠡᠬᠦ ᠬᠡᠷᠡᠭᠳᠡᠢ ᠭᠡᠪᠡ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠢ ᠬᠠᠮᠢᠶᠠᠷᠴᠤ ᠨᠠᠮ ᠢ | ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠪᠠᠲᠤ ᠡᠭᠦᠷᠭᠡᠯᠡᠵᠦ᠂ ᠦᠨᠳᠦᠰᠦᠨ | ᠱᠠᠳᠤ ᠶᠢ ᠠᠳᠬᠤᠬᠤ᠂ ᠰᠠᠭᠤᠷᠢ ᠶᠢ ᠲᠠᠯᠪᠢᠬᠤ᠂ ᠦᠨᠳᠦᠰᠦ ᠶᠢ ᠪᠠᠬᠢᠵᠢᠬᠦᠯᠬᠦ ᠡᠯ᠎ᠡ ᠵᠦᠢᠯ ᠤᠨ ᠠᠵᠢᠯ ᠢ ᠯᠠᠪᠳᠠᠭᠤᠨ | ᠪᠠᠳᠤᠳᠠᠢ ᠰᠠᠶᠢᠳᠤᠷ ᠬᠢᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠪᠡ᠃ ︵ᠵᠠᠩ ᠸᠧᠶ ᠨᠠᠨ︶ | |