ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ︵ᠬᠤᠳᠠᠯᠳᠤᠭᠠᠴᠢᠳ ᠤᠨ ᠶᠡᠷᠦᠩᠭᠡᠢ ᠡᠪᠯᠡᠯ︶ ᠶᠢᠨ ᠲᠤᠮᠦ ᠬᠡᠯᠪᠡᠷᠢ ᠶᠢᠨ ᠴᠠᠭᠠᠨ ᠰᠠᠷ᠎ᠠ ᠶᠢᠨ ᠪᠠᠷᠠᠭ᠎ᠠ ᠬᠠᠮᠳᠤᠷᠠᠨ ᠬᠤᠳᠠᠯᠳᠤᠨ ᠠᠪᠬᠤ ᠠᠵᠢᠯᠯᠠᠭ᠎ᠠ ᠵᠢᠴᠢ ᠬᠢᠩᠭᠠᠨ ᠠᠶᠢᠮᠠᠭ ᠤᠨ ᠨᠡᠷᠡᠳᠦ ᠰᠢᠯᠢᠳᠡᠭ ᠤᠨᠴᠠ ᠪᠦᠳᠦᠭᠡᠭᠳᠡᠬᠦᠨ ᠤ ᠲᠡᠯᠭᠡᠨ ᠪᠤᠷᠤᠯᠠᠭᠤᠯᠭ᠎ᠠ ᠠᠰᠢᠳᠠᠢ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2025/1/14
               ᠴᠠᠭᠠᠨ ᠰᠠᠷ᠎ᠠ ᠤᠶᠢᠷᠠᠳᠬᠤ ᠶᠢ ᠲᠠᠭᠠᠯᠳᠤᠨ᠂ 1 ᠰᠠᠷ᠎ᠠ ᠶᠢᠨ 10 ᠤ ᠡᠳᠦᠷ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ︵ᠬᠤᠳᠠᠯᠳᠤᠭᠠᠴᠢᠳ ᠤᠨ ᠶᠡᠷᠦᠩᠬᠡᠢ ᠡᠪᠯᠡᠯ︶ ᠠᠴᠠ ᠭᠤᠤᠯᠯᠠᠨ ᠡᠷᠬᠢᠯᠡᠵᠦ᠂ ᠬᠢᠩᠭᠠᠨ ᠠᠶᠢᠮᠠᠭ ᠤᠨ ᠭᠤᠸᠠᠩ ᠯᠢᠶᠠᠨ ᠬᠤᠳᠠᠯᠳᠤᠭᠠᠨ ᠤ ᠬᠤᠯᠪᠤᠭ᠎ᠠ᠂ ᠬᠢᠩᠭᠠᠨ ᠠᠶᠢᠮᠠᠭ ᠤᠨ ᠹᠦᠵᠢᠶᠠᠨ ᠤ ᠬᠤᠳᠠᠯᠳᠤᠭᠠᠨ ᠤ ᠬᠤᠯᠪᠤᠭ᠎ᠠ᠂ ᠬᠢᠩᠭᠠᠨ ᠠᠶᠢᠮᠠᠭ ᠤᠨ ᠵᠢᠶᠠᠩᠰᠢ ᠶᠢᠨ ᠬᠤᠳᠠᠯᠳᠤᠭᠠᠨ ᠤ ᠬᠤᠯᠪᠤᠭ᠎ᠠ᠂ ᠬᠢᠩᠭᠠᠨ ᠠᠶᠢᠮᠠᠭ ᠤᠨ ᠡᠮᠡᠭᠳᠡᠢ ᠠᠵᠦ ᠠᠬᠤᠶᠢᠯᠠᠯᠳᠠᠨ ᠤ ᠬᠤᠯᠪᠤᠭ᠎ᠠ ᠠᠴᠠ ᠲᠠᠭᠠᠭᠠᠴᠢᠯᠠᠨ ᠡᠷᠬᠢᠯᠡᠭᠰᠡᠨ ᠲᠤᠮᠤ ᠬᠡᠯᠪᠡᠷᠢ ᠶᠢᠨ ᠴᠠᠭᠠᠨ ᠰᠠᠷ᠎ᠠ ᠶᠢᠨ ᠪᠠᠷᠠᠭ᠎ᠠ ᠬᠠᠮᠳᠦᠷᠠᠨ ᠬᠤᠳᠠᠯᠳᠤᠨ ᠠᠪᠬᠤ ᠠᠵᠢᠯᠯᠠᠭ᠎ᠠ ᠵᠢᠴᠢ ᠬᠢᠩᠭᠠᠨ ᠠᠶᠢᠮᠠᠭ ᠤᠨ ᠨᠡᠷᠡᠳᠦ ᠰᠢᠯᠢᠳᠡᠭ ᠤᠨᠴᠠ ᠪᠦᠳᠦᠭᠡᠭᠳᠡᠬᠦᠨ ᠤ ᠲᠡᠯᠭᠡᠨ ᠪᠤᠷᠤᠯᠠᠭᠤᠯᠬᠤ ᠴᠤᠭᠯᠠᠭᠠᠨ ᠬᠢᠩᠭᠠᠨ ᠠᠶᠢᠮᠠᠭ ᠤᠨ ᠰᠤᠶᠤᠯ ᠤᠨ ᠲᠦᠪ ︵ᠤᠯᠠᠭᠠᠨᠮᠥ᠋ᠴᠢᠷ ᠤᠨ ᠣᠷᠳᠣᠨ︶ ᠲᠤ ᠡᠬᠢᠯᠡᠨ ᠶᠠᠪᠤᠭᠳᠠᠪᠠ᠃ ᠬᠢᠩᠭᠠᠨ ᠠᠶᠢᠮᠠᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠳᠤ ᠬᠠᠷᠢᠶᠠᠯᠠᠭᠳᠠᠬᠤ 18 ᠬᠤᠳᠠᠯᠳᠤᠭᠠᠴᠢᠨ ᠤ ᠨᠡᠶᠢᠭᠡᠮᠯᠢᠭ᠂ 200 ᠭᠠᠷᠤᠢ ᠠᠵᠦ ᠠᠬᠤᠶᠢᠯᠠᠯ ᠲᠡᠯᠭᠡᠨ ᠪᠤᠷᠤᠯᠠᠭᠤᠯᠭ᠎ᠠ ᠴᠤᠭᠯᠠᠭᠠᠨ ᠳᠤ ᠤᠷᠤᠯᠴᠠᠪᠠ᠃        ᠠᠵᠢᠯᠯᠠᠭ᠎ᠠ ᠶᠢᠨ ᠲᠤᠬᠠᠢ ᠶᠢᠨ ᠡᠳᠦᠷ᠂ ᠤᠯᠠᠭᠠᠨᠮᠥ᠋ᠴᠢᠷ ᠤᠨ ᠣᠷᠳᠣᠨ ᠤ ᠶᠡᠭᠡ ᠲᠢᠶᠠᠲᠷ ᠤᠨ ᠡᠮᠦᠨ᠎ᠡ ᠲᠢᠩᠬᠢᠮ ᠳᠤ ᠬᠦᠮᠦᠨ ᠬᠠᠷ᠎ᠠ ᠰᠦᠯᠵᠢᠯᠳᠦᠵᠦ᠂ ᠬᠦᠷ ᠨᠠᠷᠬᠢᠶᠠᠨ ᠢᠶᠠᠷ ᠪᠢᠯᠬᠠᠨ᠎ᠠ᠃ ᠬᠤᠶᠠᠷ ᠵᠠᠭᠤ ᠰᠢᠬᠠᠮ ᠠᠵᠤ ᠠᠬᠤᠶᠢᠯᠠᠯ ᠤᠨ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ᠂ ᠠᠷᠢᠬᠢ ᠤᠮᠳᠠᠭᠠᠨ᠂ ᠰᠢᠬᠢᠷ ᠵᠢᠮᠢᠰ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠲᠠᠸᠠᠷ ᠴᠥᠮ ᠪᠦᠷᠢᠨ ᠪᠠᠶᠢᠵᠤ᠂ ᠠᠳᠠᠯᠢ ᠪᠤᠰᠤ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠬᠦᠢᠴᠡᠳ ᠬᠠᠩᠭᠠᠪᠠ᠃        ︽ᠮᠠᠨ ᠤ ᠰᠠᠶ᠋ᠢ ᠲᠡᠯᠭᠡᠬᠦᠷ ᠡᠷᠭᠢᠯᠡᠵᠤ ᠪᠠᠶᠢᠭ᠎ᠠ ᠬᠦᠮᠦᠨ ᠳᠤ ᠠᠪᠴᠦ ᠬᠡᠯᠡᠪᠡᠯ ᠵᠠᠰᠠᠭ ᠤᠨ ᠤᠷᠳᠤᠨ ᠠᠴᠠ ᠪᠢᠳᠡᠨ ᠳᠤ ᠦᠨᠡᠭᠡᠷ ᠰᠠᠶᠢᠬᠠᠨ ᠲᠠᠪᠴᠠᠩ ᠬᠠᠩᠭᠠᠯ᠎ᠠ᠂ ᠲᠤᠰ ᠤᠳᠠᠭ᠎ᠠ ᠪᠢᠳᠡ 20 ᠭᠠᠷᠤᠢ ᠲᠦᠷᠦᠯ ᠤᠨ ᠴᠠᠭᠠᠨ ᠢᠳᠡᠭᠡᠨ ᠠᠪᠴᠢᠷᠠᠯ᠎ᠠ᠂ ᠬᠤᠳᠠ ᠶᠢᠨ ᠠᠷᠠᠳ ᠤᠨ ᠬᠦᠷᠢᠶᠡᠯᠡᠯ ᠢ ᠬᠦᠨ ᠬᠦᠷᠳᠡᠭᠰᠡᠨ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠲᠠᠭᠤᠯᠠ ᠡᠵᠢ ᠴᠠᠭᠠᠨ ᠢᠳᠡᠭᠡᠨ ᠤ ᠲᠡᠯᠭᠡᠬᠦᠷ ᠤᠨ ᠡᠵᠡᠩᠨᠡᠭᠴᠢ ᠵᠤᠯᠠ ᠪᠠᠶᠠᠷᠳᠠᠢ ᠬᠡᠯᠡᠨ᠎ᠡ᠃        ᠡᠯᠪᠡᠭ ᠳᠡᠯᠪᠡᠭ ᠴᠠᠭᠠᠨ ᠰᠠᠷ᠎ᠠ ᠶᠢᠨ ᠪᠠᠷᠠᠭ᠎ᠠ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠬᠡᠷᠡᠭᠯᠡᠭᠡᠨ ᠤ ᠲᠡᠮᠳᠡᠭᠳᠦ ᠰᠤᠭᠤᠯᠬᠤ ᠠᠵᠢᠯᠯᠠᠭ᠎ᠠ ᠦᠷᠨᠢᠬᠦᠯᠵᠦ᠂ ᠮᠠᠰᠢ ᠣᠯᠠᠨ ᠬᠤᠲᠠ ᠶᠢᠨ ᠠᠷᠠᠳ ᠪᠠ ᠵᠢᠭᠤᠯᠴᠢᠯᠠᠭᠴᠢᠳ ᠢᠳᠡᠪᠬᠢᠲᠡᠶ ᠤᠷᠤᠯᠴᠠᠪᠠ᠃ ᠤᠷᠠᠨ ᠪᠢᠴᠢᠯᠭᠡᠲᠡᠨ ᠨᠡᠷ ᠲᠤᠬᠠᠶ ᠶᠢᠨ ᠲᠠᠯᠠᠪᠠᠶ ᠳᠤ ᠪᠢᠷ ᠪᠡᠭᠡ ᠪᠠᠨ ᠬᠤᠷᠦ᠋ᠢᠯᠠᠵᠤ᠂ ᠬᠤᠲᠠ ᠶᠢᠨ ᠠᠷᠠᠳ ᠪᠣᠯᠤᠨ ᠵᠢᠭᠤᠯᠴᠢᠯᠠᠭᠴᠢᠳ ᠲᠤ ᠦᠨ᠎ᠡ ᠲᠦᠯᠦᠪᠦᠷᠢ ᠦᠭᠡᠢ ᠪᠠᠷ ᠬᠤᠣᠰ ᠤᠶᠠᠩᠭ᠎ᠠ ᠪᠢᠴᠢᠵᠦ ᠦᠭᠬᠦᠨ᠂ ᠰᠢᠨ᠎ᠡ ᠵᠢᠯ ᠤᠨ ᠰᠠᠶᠢᠨ ᠰᠠᠶᠢᠬᠠᠨ ᠢ ᠪᠡᠯᠭᠡᠳᠡᠵᠦ ᠪᠠᠶᠢᠯ᠎ᠠ᠃ ᠳᠤᠮᠳᠠᠳᠤ ᠤᠯᠤᠰ ᠤᠨ ᠰᠢᠤᠳᠠᠨ ᠤ ᠦᠢᠯᠡᠰ ᠤᠨ ᠬᠢᠨ ᠴᠦ ᠲᠤᠬᠠᠢ ᠶᠢᠨ ᠲᠠᠯᠠᠪᠤᠷ ᠲᠤ ᠰᠢᠤᠳᠠᠨ ᠢᠶᠠᠷ ᠢᠯᠡᠭᠡᠬᠦ ᠦᠢᠯᠡᠴᠢᠯᠡᠭᠡ ᠬᠠᠩᠭᠠᠵᠦ᠂ ᠭᠠᠳᠠᠨ᠎ᠠ ᠭᠠᠵᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠲᠡᠭᠡᠨ ᠬᠢᠩᠭᠠᠨ ᠠᠶᠢᠮᠠᠭ ᠤᠨ ᠪᠦᠳᠦᠭᠡᠭᠳᠡᠬᠦᠨ ᠢ ᠢᠯᠡᠭᠡᠬᠦ ᠳᠤ ᠲᠦᠬᠦᠮ ᠲᠦᠳᠡ ᠨᠦᠬᠦᠴᠡᠯ ᠬᠠᠩᠭᠠᠪᠠ᠃ ᠡᠬᠦᠨ ᠤ ᠲᠠᠭᠠᠤ᠂ ᠤᠯᠠᠭᠠᠨᠬᠤᠳᠠ ᠶᠢᠨ ᠭᠠᠢ ᠶᠠ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠶᠤᠤ ᠴᠠᠩ ᠬᠠᠢ ᠴᠤ 15 ᠲᠦᠮᠡᠨ ᠲᠦᠭᠦᠷᠢᠭ ᠵᠠᠷᠤᠴᠠᠭᠤᠯᠤᠨ ᠰᠢᠨ᠎ᠡ ᠵᠢᠯ ᠤᠨ ᠪᠠᠷᠠᠭ᠎ᠠ ᠪᠡᠯᠡᠳᠭᠡᠵᠦ᠂ ᠤᠯᠠᠭᠠᠨᠬᠤᠳᠠ ᠶᠢᠨ ᠤᠷᠴᠢᠨ ᠲᠤᠭᠤᠷᠢᠨ ᠡᠷᠡᠬᠦᠯ ᠬᠠᠮᠠᠭᠠᠯᠠᠯ ᠤᠨ 1500 ᠭᠠᠷᠤᠢ ᠠᠵᠢᠯᠳᠠᠨ ᠳᠤ ᠲᠠᠷᠬᠠᠭᠠᠨ ᠦᠭᠪᠡ᠃        ︽ᠡᠨᠡᠬᠦ ᠴᠠᠭᠠᠨ ᠰᠠᠷ᠎ᠠ ᠶᠢᠨ ᠪᠠᠷᠠᠭᠠᠨ ᠤ ᠴᠤᠭᠯᠠᠭ᠎ᠠ ᠮᠠᠶᠢᠮᠠᠢ ᠳᠤ ᠡᠯ᠎ᠡ ᠵᠦᠢᠯ ᠤᠨ ᠪᠠᠷᠠᠭ᠎ᠠ ᠬᠦᠢᠴᠡᠳ ᠪᠠᠶᠢᠨ᠎ᠠ᠂ ᠡᠳᠡᠭᠡᠷ ᠤᠨ ᠲᠤᠮᠳᠠ ᠠᠴᠠ ᠪᠢ ᠦᠪᠡᠷ ᠤᠨ ᠬᠡᠷᠡᠭᠴᠡᠭᠡ ᠪᠠᠨ ᠦᠨᠳᠦᠰᠦᠯᠡᠨ ᠬᠡᠳᠦᠨ ᠵᠦᠢᠯ ᠤᠨ ᠪᠠᠷᠠᠭ᠎ᠠ ᠬᠤᠳᠠᠯᠳᠤᠨ ᠠᠪᠤᠭᠰᠠᠨ ᠰᠢᠦ᠂ ᠤᠨᠴᠠᠭᠠᠶᠢᠯᠠᠨ ︿ᠬᠥᠯᠳᠡᠭᠡᠭᠰᠡᠨ ᠪᠠᠷᠠᠭ᠎ᠠ﹀ ᠶᠢᠨ ᠶᠠᠰᠤ ᠴᠢᠨᠠᠷ ᠨᠢ ᠰᠠᠶᠢᠨ ᠮᠥᠷᠲᠡᠭᠡᠨ ᠦᠨ᠎ᠡ ᠬᠠᠩᠰᠢ ᠨᠢ ᠴᠦ ᠳᠤᠬᠢᠷᠠᠮᠵᠢᠳᠠᠢ᠂ ᠮᠠᠨ ᠤ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠵᠦ ᠪᠠᠶᠢᠨ᠎ᠠ︾ ᠭᠡᠵᠦ ᠬᠤᠳᠠ ᠶᠢᠨ ᠠᠷᠠᠳ ᠬᠠᠢ ᠠᠪᠠᠭ᠋ᠠᠢ ᠪᠠᠶᠠᠷᠯᠠᠨ ᠬᠡᠯᠡᠵᠦ ᠪᠠᠶᠢᠯ᠎ᠠ᠃          ᠰᠤᠷᠪᠤᠯᠵᠢᠯᠠᠭᠴᠢ ᠲᠤᠯᠭᠠᠭᠤᠷᠢ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号