| | 1 ᠰᠠᠷ᠎ᠠ ᠶᠢᠨ 10 ᠤ ᠡᠳᠦᠷ᠂ ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠴᠠᠭᠠᠨ ᠰᠠᠷ᠎ᠠ ᠶᠢᠨ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠬᠡᠤᠬᠡᠳ ᠢ ᠪᠥᠬᠦ | ᠨᠡᠶᠢᠭᠡᠮ ᠢᠶᠠᠷ ᠢᠶᠠᠨ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠪᠠ᠃ | | | | | ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠲᠣᠬᠤᠨᠢᠭᠤᠯᠬᠤ ᠳᠤᠭᠤᠶᠢᠯᠠᠩ ᠤᠨ ᠬᠢᠨ | ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠭᠡᠷ ᠢᠶᠠᠷ ᠭᠦᠨᠵᠡᠭᠡᠶᠢᠷᠡᠵᠦ᠂ ᠲᠡᠳᠡᠨ ᠤ ᠠᠵᠤ ᠠᠬᠤᠢ ᠶᠢᠨ | ᠢᠷᠡᠯᠲᠡ᠂ ᠪᠡᠶ᠎ᠡ ᠮᠠᠬᠠᠪᠣᠳ ᠤᠨ ᠪᠠᠶᠢᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠢᠳᠡᠪᠬᠢᠲᠡᠢ | ᠪᠠᠶᠠᠰᠤᠩᠭᠤᠢ ᠠᠮᠢᠳᠤᠷᠠᠯ ᠤᠨ ᠣᠪᠣᠷ ᠲᠠᠢ ᠪᠠᠶᠢᠵᠤ᠂ ᠬᠦᠴᠢᠷᠳᠡᠯ ᠳᠤ ᠵᠣᠷᠢᠭᠲᠠᠢ ᠪᠠᠷ ᠬᠠᠨᠳᠤᠵᠤ᠂ ᠠᠮᠢᠳᠤᠷᠠᠯ ᠤᠨ | ᠢᠲᠡᠭᠡᠯ ᠢᠶᠠᠨ ᠪᠠᠲᠤᠳᠬᠠᠬᠤ ᠶᠢ ᠵᠤᠷᠢᠭᠵᠢᠭᠤᠯᠬᠤ ᠶᠢᠨ ᠬᠠᠮᠲᠤ ᠲᠡᠳᠡᠨ ᠳᠤ ᠲᠤᠲᠤᠷᠭ᠎ᠠ᠂ ᠴᠠᠭᠠᠨ ᠭᠤᠯᠢᠷ ᠵᠡᠷᠭᠡ | ᠲᠣᠬᠤᠨᠢᠭᠤᠯᠬᠤ ᠪᠣᠳᠠᠰ ᠬᠦᠷᠭᠡᠪᠠ᠃ ᠲᠣᠰ ᠤᠳᠠᠭᠠᠨ ᠤ ᠠᠵᠢᠯᠯᠠᠭ᠎ᠠ ᠶᠢ ᠲᠥᠪᠯᠡᠷᠡᠭᠦᠯᠦᠨ ᠲᠠᠷᠬᠠᠭᠠᠬᠤ᠂ | ᠡᠷᠦᠬᠡ ᠳᠤ ᠬᠦᠷᠴᠦ ᠲᠣᠬᠤᠨᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠦᠴᠢᠷᠳᠡᠯ ᠳᠤ ᠲᠤᠯᠭᠠᠷᠠᠭᠰᠠᠨ 45 | ᠬᠡᠷ ᠪᠦᠯᠢ ᠳᠤ ᠨᠡᠶᠢᠲᠡ 180 ᠤᠭᠤᠲᠠ ᠳᠤᠲᠤᠷᠭ᠎ᠠ ᠭᠤᠯᠢᠷ ᠲᠦᠭᠡᠭᠡᠵᠦ᠂ ᠲᠡᠳᠡᠨᠡᠷ ᠲᠤ ᠬᠠᠶᠢᠷ᠎ᠠ ᠬᠠᠯᠠᠮᠵᠢ ᠶᠢ | ᠬᠦᠷᠲᠡᠭᠡᠵᠡᠢ᠃ | ︽ᠡᠮᠡᠭᠲᠡᠶᠢᠴᠦᠳ ᠤᠨ ᠬᠤᠯᠪᠣᠭ᠎ᠠ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠰᠡᠳᠬᠢᠯ ᠮᠠᠰᠢ | ᠳᠤᠯᠠᠭᠠᠬᠠᠨ ᠪᠠᠶᠢᠨ᠎ᠠ᠂ ᠪᠢᠳᠡᠨ ᠤ ᠠᠮᠢᠳᠤᠷᠠᠯ ᠤᠨ ᠬᠦᠴᠢᠷᠳᠡᠯ ᠳᠤ ᠵᠣᠷᠢᠭᠲᠠᠢ ᠪᠠᠷ ᠬᠠᠨᠳᠤᠵᠤ᠂ ᠠᠮᠢᠳᠤᠷᠠᠯ ᠢᠶᠠᠨ | ᠤᠯᠠᠮ ᠰᠠᠶᠢᠵᠢᠷᠠᠭᠤᠯᠬᠤ ᠢᠲᠡᠭᠡᠯ ᠵᠣᠷᠢᠭ ᠲᠠᠢ ᠪᠣᠯᠭᠠᠪᠠ︾ ᠭᠡᠵᠦ ᠳᠡᠭᠦᠯᠢᠨ ᠵᠡᠭᠡᠯᠢ ᠶᠢᠨ ᠰᠠᠶᠢᠬᠠᠨ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠯᠢ ᠹᠧᠩ ᠧ ᠬᠡᠯᠡᠵᠡᠶ᠃ | | | | | ︽ᠪᠢᠳᠡᠨ ᠤ ᠬᠦᠴᠦᠨ ᠢᠶᠠᠷ ᠳᠠᠮᠵᠢᠨ᠂ ᠬᠦᠴᠢᠷᠳᠡᠯ ᠳᠤ ᠲᠤᠯᠭᠠᠷᠠᠭᠰᠠᠨ ᠲᠡᠳᠡᠭᠡᠷ ᠡᠮᠡᠭᠲᠡᠶᠢᠴᠦᠳ | ᠬᠡᠦᠬᠡᠳ ᠲᠤ ᠵᠣᠯ ᠵᠢᠷᠭᠠᠯ ᠬᠦᠷᠲᠡᠭᠡᠬᠦ ᠶᠢ ᠬᠦᠰᠡᠵᠦ ᠪᠠᠶᠢᠨ᠎ᠠ᠃ ᠪᠢᠳᠡ ᠪᠠᠰᠠ ᠡᠨᠡ ᠬᠦ ᠬᠠᠶᠢᠷ᠎ᠠ ᠬᠠᠯᠠᠮᠵᠢ ᠶᠢᠨ | ᠠᠵᠢᠯᠯᠠᠭ᠎ᠠ ᠶᠢ ᠦᠷᠭᠦᠯᠵᠢᠯᠡᠭᠦᠯᠵᠦ᠂ ᠲᠡᠳᠡᠨ ᠳᠤ ᠬᠠᠶᠢᠷ᠎ᠠ ᠬᠠᠯᠠᠮᠵᠢ ᠬᠦᠷᠲᠡᠭᠡᠨ᠎ᠡ︾ ᠭᠡᠵᠦ ᠤᠯᠠᠭᠠᠨᠬᠤᠲᠠ ᠶᠢᠨ | ᠡᠮᠡᠭᠲᠡᠶᠢᠴᠦᠳ ᠤᠨ ᠬᠤᠯᠪᠣᠭ᠎ᠠ ᠶᠢᠨ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠵᠠᠩ ᠯᠢ ᠯᠢ ᠬᠡᠯᠡᠪᠡ᠃ | |