| | ᠶᠡᠷᠦᠩᠬᠡᠢ ᠱᠦᠵᠢ ᠱᠢ ᠶᠢᠨ ᠫᠢᠩ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠬᠥᠭᠵᠢᠭᠦᠯᠬᠦ | ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ︽ᠠᠷᠪᠠᠨ ᠨᠢᠭᠡᠳᠦᠭᠡᠷ ᠬᠤᠭᠤᠴᠠᠭᠠᠨ ᠤ ᠪᠦᠬᠦ | ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ︾ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ | ᠳᠠᠭᠠᠵᠤ᠂ ︽ᠤᠷᠤᠯᠳᠤᠭᠠᠨ ᠢ ᠳᠠᠭᠠᠵᠤ ᠵᠤᠭᠠᠴᠠᠬᠤ︾ ᠰᠢᠨ᠎ᠡ ᠶᠢ ᠡᠭᠦᠳᠬᠦ ᠣᠢᠯᠠᠭᠠᠭᠳᠠᠬᠤᠨ ᠲᠠᠢ | ᠤᠶᠠᠯᠳᠤᠭᠤᠯᠤᠨ᠂ 1 ᠰᠠᠷ᠎ᠠ ᠶᠢᠨ 11 ᠤ ᠡᠳᠦᠷ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ ᠳᠠᠪᠠᠭᠠᠨ | ᠳᠠᠬᠢ ᠬᠢᠩᠭᠠᠨ ᠠᠶᠢᠮᠠᠭ︾ 2025 ᠣᠨ ᠤ ᠬᠢᠩᠭᠠᠨ ᠠᠢᠮᠠᠭ ᠤᠨ ᠰᠢᠨ᠎ᠡ ᠵᠢᠯ ᠢᠶᠠᠨ ᠤᠭᠲᠤᠬᠤ ᠣᠯᠠᠨ ᠲᠦᠮᠡᠡᠴᠢ | ᠮᠥᠰᠥ ᠲᠡᠰᠢᠬᠦ ᠤᠷᠤᠯᠳᠤᠭᠠᠨ ᠬᠢᠩᠭᠠᠨ ᠠᠢᠮᠠᠭ ᠤᠨ ᠪᠡᠶ᠎ᠡ ᠶᠢᠨ ᠲᠠᠮᠢᠷ ᠤᠨ ᠳᠤᠮᠳᠠᠳᠤ ᠰᠤᠷᠭᠠᠭᠤᠯᠢ ᠶᠢᠨ ᠣᠯᠠᠨ | ᠲᠦᠮᠡᠨᠴᠢ ᠮᠥᠰᠥ ᠴᠠᠰᠤᠨ ᠤ ᠲᠠᠮᠢᠷ ᠤᠨ ᠴᠡᠩᠭᠡᠯ ᠤᠨ ᠬᠦᠷᠢᠶᠡᠯᠡᠩ ᠳᠤ ᠡᠬᠢᠯᠡᠪᠡ᠃ | | | | | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠬᠥᠮᠦᠰ ᠤᠨ ᠳᠠᠭᠤᠨ ᠨᠢᠵᠢᠭᠢᠨᠡᠵᠦ᠂ | ᠤᠷᠤᠯᠳᠤᠭᠠᠨ ᠳᠤ ᠣᠷᠣᠯᠴᠠᠭᠰᠠᠳ ᠲᠤᠰᠬᠠᠢ ᠮᠡᠷᠭᠡᠵᠢᠯ ᠤᠨ ᠬᠤᠪᠴᠠᠰᠤ ᠬᠤᠨᠠᠷ ᠢᠶᠠᠨ ᠡᠮᠦᠰᠴᠦ᠂ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠠᠩᠬᠠᠨ ᠤ ᠤᠷᠤᠯᠳᠤᠭᠠᠨ ᠢᠶᠠᠨ ᠡᠬᠢᠯᠡᠭᠦᠯᠪᠡ᠃ ᠲᠠᠮᠢᠷᠴᠢᠳ ᠬᠠᠷᠪᠤᠭᠰᠠᠨ ᠰᠤᠮᠤ ᠰᠢᠭ᠋ | ᠢᠶᠠᠷ ᠮᠥᠰᠥᠨ ᠳᠡᠭᠡᠷ᠎ᠡ ᠭᠤᠯᠭᠤᠵᠤ᠂ ᠤᠳᠠᠭ᠎ᠠ ᠪᠦᠷᠢ ᠶᠢᠨ ᠮᠥᠰᠥ ᠢᠰᠬᠦ᠂ ᠮᠤᠷᠦ᠋ᠢᠬᠤ ᠨᠢ ᠲᠡᠳᠡᠨ ᠤ ᠬᠤᠷᠳᠤᠴᠠ | ᠪᠠ ᠤᠷ᠎ᠠ ᠮᠡᠷᠭᠡᠵᠢᠯ ᠤᠨ ᠥᠨᠳᠦᠷ ᠬᠢᠷᠢ ᠲᠥᠪᠰᠢᠨ ᠢ ᠢᠯᠡᠷᠡᠭᠦᠯᠵᠦ᠂ ᠲᠤᠬᠠᠶ ᠶᠢᠨ ᠲᠠᠯᠠᠪᠠᠶ ᠶᠢᠨ ᠦᠵᠡᠭᠴᠢᠳ | ᠠᠯᠠᠭ᠎ᠠ ᠲᠠᠰᠢᠨ ᠤᠷᠮ᠎ᠠ ᠬᠠᠶᠢᠷᠠᠯᠠᠵᠤ᠂ ᠤᠷᠤᠯᠳᠤᠭᠠᠨ ᠳᠤ ᠣᠷᠤᠯᠴᠠᠭᠰᠠᠳ ᠤᠨ ᠰᠢᠯᠢᠳᠡᠭ ᠠᠮᠵᠢᠯᠲᠠ ᠣᠯᠬᠤ ᠳᠤ | ᠬᠦᠴᠦᠨ ᠨᠡᠮᠡᠷᠢᠯᠡᠨ᠎ᠠ᠃ | | | | | ︽ᠡᠨᠡ ᠤᠳᠠᠭᠠᠨ ᠤ ᠤᠷᠤᠯᠳᠤᠭᠠᠨ ᠨᠢ ᠨᠠᠳᠠ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ | ᠬᠠᠶᠢᠷᠠᠯᠠᠲᠠᠢ ᠮᠠᠰᠢ ᠣᠯᠠᠨ ᠬᠠᠨᠢᠲᠠᠨ ᠢ ᠲᠠᠨᠢᠭᠤᠯᠵᠤ᠂ ᠣᠯᠠᠨ ᠢᠶᠠᠷ ᠢᠶᠠᠨ ᠤᠷᠤᠯᠳᠤᠭᠠᠨ ᠤ ᠳᠤᠮᠳᠠ ᠬᠠᠮᠲᠤ ᠪᠠᠷ | ᠳᠠᠪᠰᠢᠵᠤ᠂ ᠵᠠᠯᠠᠭᠤ ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃ ᠪᠢ ᠲᠡᠳᠡᠨ ᠠᠴᠠ ᠰᠤᠷᠤᠯᠴᠠᠵᠤ᠂ | ᠤᠷᠤᠯᠳᠤᠭᠠᠨ ᠤ ᠳᠤᠮᠳᠠ ᠬᠠᠲᠠᠭᠤᠵᠢᠨ ᠪᠣᠯᠪᠠᠰᠤᠷᠠᠵᠤ᠂ ᠥᠷᠢᠰᠦᠯᠳᠦᠭᠡᠨ ᠤ ᠳᠤᠮᠳᠠ ᠦᠰᠦᠨ ᠪᠣᠶᠢᠵᠢᠨ᠎ᠠ︾ | ᠭᠡᠵᠦ ᠬᠢᠩᠭᠠᠨ ᠠᠶᠢᠮᠠᠭ ᠤᠨ ᠪᠡᠶ᠎ᠡ ᠲᠠᠮᠢᠷ ᠤᠨ ᠳᠤᠮᠳᠠᠳᠤ ᠰᠤᠷᠭᠠᠭᠤᠯᠢ ᠶᠢᠨ ᠰᠤᠷᠤᠭᠴᠢ ᠸᠧᠢ ᠽᠢ ᠵᠢᠶᠠᠨ ᠬᠡᠯᠡᠪᠡ᠃ | | ᠲᠣᠰ ᠤᠳᠠᠭᠠᠨ ᠤ ᠤᠷᠤᠯᠳᠤᠭᠠᠨ ᠳᠤ 500 ᠮᠧᠲᠷ᠂ 1000 ᠮᠧᠲᠷ᠂ 1500 ᠮᠧᠲᠷ ᠤᠨ ᠭᠤᠷᠪᠠᠨ | ᠵᠦᠢᠯ ᠤᠨ ᠲᠦᠷᠭᠡᠨ ᠲᠡᠰᠢᠯᠲᠡ ᠶᠢᠨ ᠲᠥᠷᠥᠯ ᠲᠣᠬᠢᠷᠠᠭᠤᠯᠵᠤ᠂ 1 ᠰᠠᠷ᠎ᠠ ᠶᠢᠨ 11 ᠤ ᠡᠳᠦᠷ ᠠᠴᠠ 25 ᠤ | ᠡᠳᠦᠷ ᠪᠣᠯᠲᠠᠯ᠎ᠠ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠳᠤᠮᠳᠠᠳᠤ ᠰᠤᠷᠭᠠᠭᠤᠯᠢ ᠶᠢᠨ ᠣᠯᠠᠨ ᠲᠦᠮᠡᠨᠴᠢ | ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠭᠤᠤᠯ ᠲᠠᠯᠠᠪᠠᠶ ᠪᠠ ᠵᠠᠯᠠᠶᠢᠳ ᠬᠤᠰᠢᠭᠤᠨ ᠤ ᠲᠤᠷᠠᠨ ᠨᠠᠭᠤᠷ | ᠴᠡᠴᠡᠷᠯᠢᠭ ᠤᠨ ᠮᠥᠰᠥ ᠲᠡᠰᠢᠬᠦ ᠲᠠᠯᠠᠪᠠᠶ᠂ ᠲᠦᠴᠢᠦᠸᠠᠨ ᠰᠢᠶᠠᠨ ᠤ ᠲᠦᠷᠭᠡᠨ ᠲᠡᠰᠢᠯᠲᠡ ᠶᠢᠨ ᠣᠷᠳᠣᠨ ᠭᠡᠬᠦ | ᠬᠤᠶᠠᠷ ᠬᠤᠪᠢᠶᠠᠷᠢ ᠬᠤᠷᠠᠯ ᠤᠨ ᠲᠠᠯᠠᠪᠠᠶ ᠳᠤ ᠵᠡᠷᠭᠡ ᠪᠠᠷ ᠶᠠᠪᠤᠭᠳᠠᠨ᠎ᠠ᠃ ᠭᠤᠷᠪᠠᠨ ᠭᠠᠵᠠᠷ ᠬᠤᠯᠪᠣᠭᠠᠯᠠᠨ | ᠬᠥᠳᠡᠯᠦᠯᠴᠡᠵᠦ᠂ ᠵᠡᠷᠭᠡᠪᠡᠷ ᠡᠬᠢᠯᠡᠭᠦᠯᠦᠭᠰᠡᠨ ᠨᠢ ᠬᠢᠩᠭᠠᠨ ᠠᠶᠢᠮᠠᠭ ᠤᠨ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠥᠷᠨᠢᠭᠦᠨ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠥᠷᠭᠡᠨ | ᠣᠯᠠᠨ ᠤᠷᠤᠯᠳᠤᠭᠠᠨ ᠳᠤ ᠣᠷᠣᠯᠴᠠᠭᠰᠠᠳ ᠲᠤ ᠮᠠᠷᠲᠠᠭᠳᠠᠰᠢ ᠦᠭᠡᠢ ᠪᠡᠶᠡᠴᠢ ᠣᠶᠢᠯᠠᠭᠠᠯᠲᠠ ᠶᠢ ᠠᠪᠴᠢᠷᠠᠭᠰᠠᠨ | ᠪᠠᠶᠢᠨ᠎ᠠ᠃ | | | | | ︽ᠲᠣᠰ ᠤᠳᠠᠭᠠᠨ ᠤ ᠮᠥᠰᠦ ᠲᠡᠰᠢᠬᠦ ᠤᠷᠤᠯᠳᠤᠭᠠᠨ ᠨᠢ ᠨᠢᠭᠡ ᠤᠳᠠᠭᠠᠨ ᠤ ᠪᠡᠶ᠎ᠡ ᠶᠢᠨ ᠲᠠᠮᠢᠷ ᠤᠨ | ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠨᠠᠩ ᠴᠤ ᠬᠢᠩᠭᠠᠨ ᠠᠶᠢᠮᠠᠭ ᠤᠨ ᠮᠥᠰᠥ ᠴᠠᠰᠤᠨ ᠤ ᠰᠣᠶᠣᠯ ᠤᠨ | ᠷᠢᠳᠢ ᠰᠢᠳᠢ ᠶᠢ ᠢᠯᠡᠷᠡᠭᠦᠯᠬᠦ ᠰᠠᠶᠢᠨ ᠠᠵᠠ ᠲᠣᠬᠢᠶᠠᠯ ᠪᠣᠯᠤᠨ᠎ᠠ᠂ ᠨᠠᠩ ᠣᠯᠠᠨ ᠬᠥᠮᠦᠰ ᠢ ᠲᠠᠲᠠᠵᠤ ᠮᠥᠰᠥ ᠲᠡᠰᠢᠬᠦ | ᠂ ᠴᠠᠰᠤᠨ ᠳᠤ ᠭᠤᠯᠭᠤᠬᠤ ᠬᠥᠳᠡᠯᠭᠡᠭᠡᠨ ᠳᠤ ᠣᠷᠣᠯᠴᠠᠭᠤᠯᠵᠤ᠂ ᠡᠯ᠎ᠡ ᠭᠠᠵᠠᠷ ᠤᠨ ᠵᠤᠭᠠᠴᠠᠭᠰᠠᠳ ᠲᠤ ᠮᠠᠨ ᠤ | ᠥᠪᠡᠷᠮᠢᠴᠡ ᠮᠥᠰᠥ ᠴᠠᠰᠤᠨ ᠤ ᠵᠠᠩ ᠠᠭᠠᠯᠢ ᠶᠢ ᠣᠶᠢᠯᠠᠭᠠᠭᠤᠯᠵᠤ᠂ ᠲᠣᠰ ᠭᠠᠵᠠᠷ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠦᠢᠯᠡᠰ ᠤᠨ ᠥᠷᠨᠢᠩᠭᠦᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ︾ ᠭᠡᠵᠦ | ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠲᠥᠪ ᠤᠨ ᠳᠡᠳ᠋ ᠡᠷᠬᠢᠯᠡᠭᠴᠢ ᠰᠦᠨ ᠵᠣᠣ ᠫᠧᠩ ᠬᠡᠯᠡᠪᠡ᠃ | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ | ᠲᠥᠪ᠂ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ ᠲᠥᠪ᠂ | ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠵᠠᠯᠠᠶᠢᠳ ᠬᠤᠰᠢᠭᠤᠨ ᠤ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠤᠷᠤᠯᠳᠤᠭᠠᠠᠲᠤ ᠴᠢᠨᠠᠷ᠂ | ᠰᠣᠨᠢᠷᠬᠠᠯᠲᠤ ᠴᠢᠨᠠᠷ᠂ ᠣᠷᠣᠯᠴᠠᠬᠤ ᠴᠢᠨᠠᠷ ᠢ ᠨᠢᠭᠡ ᠴᠣᠭᠴᠠᠵᠢᠭᠤᠯᠤᠭᠰᠠᠨ ᠮᠥᠰᠥ ᠴᠠᠰᠤᠨ ᠤ ᠪᠡᠶ᠎ᠡ ᠶᠢᠨ | ᠲᠠᠮᠢᠷ ᠤᠨ ᠦᠪᠡᠳᠡᠭᠰᠢ ᠨᠠᠶᠢᠷ ᠢ ᠬᠠᠮᠲᠤᠪᠠᠷ ᠪᠣᠶ ᠪᠣᠯᠭᠠᠵᠤ᠂ ᠬᠢᠩᠭᠠᠨ ᠠᠶᠢᠮᠠᠭ ᠤᠨ ᠮᠥᠰᠥ ᠴᠠᠰᠤᠨ ᠤ | ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠢ ᠲᠦᠭᠡᠮᠡᠯᠵᠢᠭᠦᠯᠬᠦ ᠪᠠ ᠬᠥᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠤᠷᠤᠯᠳᠤᠭᠠᠨ ᠤ ᠲᠠᠪᠴᠠᠩ ᠢ | ᠠᠰᠢᠭᠯᠠᠨ ᠬᠢᠩᠭᠠᠨ ᠠᠶᠢᠮᠠᠭ ᠤᠨ ᠡᠪᠦᠯ ᠤᠨ ᠤᠯᠠᠷᠢᠯ ᠤᠨ ᠵᠢᠭᠤᠯᠴᠢᠯᠠᠯ ᠳᠤ ᠥᠩᠭᠡ ᠪᠤᠳᠤᠭ ᠨᠡᠮᠡᠷᠢᠯᠡᠬᠦ ᠪᠣᠯᠤᠨ᠎ᠠ᠃ | | | |