ᠣᠳᠣᠬᠠᠨ ᠳᠤ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠨᠢ ᠸᠢᠷᠦ᠋ᠰ ᠪᠠ ᠠᠭᠤᠰᠭᠢᠨ ᠦᠷᠪᠢᠰᠦᠯ ᠤᠨ ᠮᠢᠺᠤᠪᠯᠠᠮᠰᠮ ᠢᠶᠠᠷ ᠭᠤᠤᠯᠯᠠᠵᠤ ᠪᠠᠶᠢᠨ᠎ᠠ
ᠨᠡᠶᠢᠲᠡᠯᠡᠭᠰᠡᠨ ᠴᠠᠭ᠄
2025/1/14
        ᠣᠶᠢᠷ᠎ᠠ ᠳᠤ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠴᠦ᠂ ᠡᠭᠦᠨ ᠳᠤ ᠬᠠᠯᠳᠠᠪᠤᠷᠢᠲᠤ ᠲᠠᠭᠰᠢᠭᠤᠷ ᠤᠨ ᠸᠢᠷᠦ᠋ᠰ ᠤᠨ ᠠᠷᠭ᠎ᠠ ᠴᠢᠨᠠᠷ ᠢ ᠪᠠᠶᠢᠴᠠᠭᠠᠨ ᠭᠠᠷᠭᠠᠬᠤ ᠨᠣᠷᠮ᠎ᠠ ᠢᠯᠡᠳᠲᠡ ᠳᠡᠭᠡᠭᠰᠢᠯᠡᠪᠡ᠃ ᠡᠭᠦᠨ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 5 ᠤ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠤᠰᠬᠠᠶ ᠮᠡᠷᠭᠡᠵᠢᠯᠲᠡᠨ᠂ ᠣᠳᠣᠬᠠᠨ ᠳᠤ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠪᠤᠯ ᠮᠥᠨ ᠯᠡ ᠸᠢᠷᠦ᠋ᠰ ᠪᠠ ᠠᠭᠤᠰᠭᠢᠨ ᠦᠷᠪᠢᠰᠦᠯ ᠤᠨ ᠮᠢᠺᠤᠪᠯᠠᠮᠰᠮ ᠢᠶᠠᠷ ᠭᠤᠤᠯᠯᠠᠵᠤ ᠪᠠᠶᠢᠨ᠎ᠠ᠂ ᠡᠭᠦᠨ ᠳᠤ ᠸᠢᠷᠦ᠋ᠰ ᠨᠢ ᠭᠤᠤᠯᠳᠠᠭᠤ ᠬᠠᠯᠳᠠᠪᠤᠷᠢᠲᠤ ᠲᠠᠭᠰᠢᠭᠤᠷ ᠤᠨ ᠸᠢᠷᠦ᠋ᠰ ᠢᠶᠠᠷ ᠭᠤᠤᠯᠯᠠᠵᠤ ᠪᠠᠶᠢᠨ᠎ᠠ ᠭᠡᠵᠤ ᠢᠯᠡᠳᠭᠡᠪᠡ᠃       ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠡᠷᠬᠢᠯᠡᠭᠴᠢ ᠡᠮᠴᠢ ᠸᠠᠩ ᠴᠢᠤᠸᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠡᠦᠬᠡᠳ ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠭᠰᠡᠨ ᠤ ᠳᠠᠷᠠᠭ᠎ᠠ ᠬᠠᠯᠠᠭᠤᠷᠠᠬᠤ ᠪᠠᠷ ᠭᠤᠤᠯ ᠢᠯᠡᠷᠡᠯ ᠢᠶᠠᠨ ᠪᠣᠯᠭᠠᠵᠤ᠂ ᠲᠣᠯᠣᠭᠠᠶ ᠡᠪᠡᠳᠬᠦ᠂ ᠪᠤᠯᠴᠢᠩ ᠡᠪᠡᠳᠬᠦ ᠪᠠ ᠪᠥᠬᠦ ᠪᠡᠶ᠎ᠡ ᠡᠪ ᠥᠬᠡᠶ ᠪᠣᠯᠬᠤ ᠵᠡᠷᠭᠡ ᠪᠠᠶᠢᠳᠠᠯ ᠳᠠᠭᠠᠯᠳᠤᠳᠠᠭ᠂ ᠪᠠᠰᠠ ᠬᠠᠨᠢᠶᠠᠬᠤ᠂ ᠬᠤᠭᠤᠯᠠᠶ ᠡᠪᠡᠳᠬᠦ ᠪᠠ ᠨᠢᠰᠤ ᠭᠤᠭᠤᠵᠢᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠳᠠᠭ᠃ ᠬᠡᠦᠬᠡᠳ ᠤᠨ ᠬᠤᠳᠣᠭᠤᠳᠣ ᠭᠡᠳᠡᠰᠦᠨ ᠤ ᠡᠪᠡᠳᠴᠢᠨ ᠤ ᠢᠯᠡᠷᠡᠯ ᠨᠢ ᠨᠠᠰᠤᠨ ᠳᠤ ᠬᠦᠷᠦᠭᠰᠡᠳ ᠠᠴᠠ ᠨᠠᠩ ᠢᠯᠡᠷᠬᠡᠶ᠂ ᠵᠢᠱᠢᠶᠡᠯᠡᠪᠡᠯ ᠳᠤᠷ᠎ᠠ ᠪᠤᠯᠭᠢᠬᠤ᠂ ᠪᠥᠭᠡᠯᠵᠢᠬᠦ᠂ ᠰᠠᠭᠤᠯᠭᠠᠬᠤ ᠪᠠ ᠢᠳᠡᠭᠡᠨ ᠤ ᠳᠤᠷᠠᠰᠢᠯ ᠮᠠᠭᠤᠳᠠᠬᠤ ᠵᠡᠷᠭᠡ ᠪᠤᠯᠤᠨ᠎ᠠ᠃ ᠣᠯᠠᠩᠬᠢ ᠬᠡᠦᠬᠡᠳ ᠬᠠᠯᠳᠠᠪᠤᠷᠢᠲᠤ ᠲᠠᠭᠰᠢᠭᠤᠷ ᠤᠨ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠲᠦᠷᠭᠡᠨ ᠴᠢᠨᠠᠷᠲᠠᠶ᠂ ᠥᠪᠡᠷ ᠢ ᠪᠠᠨ ᠬᠢᠵᠠᠭᠠᠷᠯᠠᠬᠤ ᠴᠢᠨᠠᠷᠲᠠᠶ ᠡᠪᠡᠳᠴᠢᠨ ᠤ ᠶᠠᠪᠤᠴᠠ ᠲᠠᠢ ᠪᠠᠶᠢᠳᠠᠭ᠂ ᠶᠡᠷᠦ ᠳᠡᠭᠡᠨ 2 ᠠᠴᠠ 3 ᠡᠳᠦᠷ ᠬᠠᠯᠠᠭᠤᠷᠠᠵᠤ᠂ ᠨᠢᠭᠡ ᠭᠠᠷᠠᠭ ᠣᠷᠴᠢᠮ ᠪᠤᠯᠪᠠᠯ ᠡᠳᠡᠭᠡᠷᠡᠳᠡᠭ᠂ ᠭᠡᠪᠡᠴᠦ ᠨᠢᠭᠡ ᠪᠦᠯᠦᠭ ᠬᠡᠦᠬᠡᠳ ᠤᠨ ᠬᠠᠨᠢᠶᠠᠯᠭᠠᠬᠤ ᠴᠠᠭ ᠨᠢ ᠨᠡᠯᠢᠶᠡᠳ ᠣᠷᠳᠣ ᠪᠠᠶᠢᠵᠤ᠂ ᠪᠠᠰᠠ ᠨᠢᠭᠡ ᠪᠦᠯᠦᠭ ᠬᠡᠦᠬᠡᠳ ᠤᠨ ᠶᠠᠳᠠᠷᠠᠬᠤ ᠪᠠ ᠲᠠᠮᠢᠷᠳᠠᠬᠤ ᠵᠡᠷᠬᠡ ᠡᠪᠡᠳᠴᠢᠨ ᠤ ᠢᠯᠡᠷᠡᠯ ᠨᠢ ᠦᠷᠭᠦᠯᠵᠢᠯᠡᠬᠦ ᠴᠠᠭ ᠨᠢ ᠬᠠᠷᠢᠴᠠᠩᠭᠤᠶ ᠣᠷᠳᠣ ᠪᠠᠶᠢᠵᠤ ᠮᠡᠳᠡᠨ᠎ᠡ ᠭᠡᠵᠤ ᠲᠠᠨᠢᠯᠴᠠᠭᠤᠯᠪᠠ᠃       ︽ᠬᠠᠯᠳᠠᠪᠤᠷᠢᠲᠤ ᠲᠠᠭᠰᠢᠭᠤᠷ ᠤᠨ ᠸᠢᠷᠦ᠋ᠰ ᠬᠠᠯᠳᠠᠪᠤᠷᠢᠯᠠᠭᠰᠠᠨ ᠤ ᠳᠠᠷᠠᠭ᠎ᠠ᠂ ᠭᠤᠤᠯᠳᠠᠭᠤ ᠸᠢᠷᠦ᠋ᠰ ᠢ ᠡᠰᠡᠷᠭᠦᠴᠡᠬᠦ ᠪᠠ ᠡᠪᠡᠳᠴᠢᠨ ᠳᠤᠨᠢ ᠲᠠᠭᠠᠷᠠᠭᠤᠯᠵᠤ ᠡᠮᠴᠢᠯᠡᠨ ᠵᠠᠰᠠᠨ᠎ᠠ︾᠃ ᠸᠠᠩ ᠴᠢᠤᠸᠠᠨ᠂ ᠬᠡᠷ ᠤᠨ ᠠᠬᠠᠮᠠᠳ ᠨᠠᠷ ᠡᠮᠴᠢ ᠶᠢᠨ ᠵᠢᠯᠣᠭᠤᠳᠣᠯᠭ᠎ᠠ ᠳᠤᠤᠷ᠎ᠠ ᠬᠡᠦᠬᠡᠳ ᠲᠤ ᠬᠠᠯᠳᠠᠪᠤᠷᠢᠲᠤ ᠲᠠᠭᠰᠢᠭᠤᠷ ᠤᠨ ᠸᠢᠷᠦ᠋ᠰ ᠢ ᠡᠰᠡᠷᠭᠦᠴᠡᠬᠦ ᠲᠤᠰᠬᠠᠶ ᠡᠮ ᠢ ᠡᠷᠲᠡᠬᠡᠨ ᠬᠡᠷᠡᠭᠯᠡᠬᠦ ᠬᠡᠷᠡᠭᠲᠡᠶ᠂ ᠢᠯᠠᠩᠭᠤᠶ᠎ᠠ ᠡᠪᠡᠳᠴᠢᠨ ᠡᠭᠦᠰᠦᠭᠰᠡᠨ ᠪᠠᠶᠢᠪᠠᠯ 48 ᠴᠠᠭ ᠤᠨ ᠳᠣᠲᠣᠷ᠎ᠠ ᠭᠡᠷᠡᠭᠯᠡᠬᠦ ᠭᠡᠷᠡᠭᠳᠠᠢ᠃ ᠡᠪᠡᠳᠴᠢᠨ  ᠳᠤᠨᠢ ᠲᠠᠭᠠᠷᠠᠭᠤᠯᠵᠤ ᠡᠮᠴᠢᠯᠡᠨ ᠵᠠᠰᠠᠬᠤ ᠳᠠᠭᠠᠨ ᠭᠤᠣᠯᠳᠠᠭᠤ ᠬᠠᠯᠠᠭᠤᠨ ᠢ ᠪᠠᠭᠤᠷᠠᠭᠤᠯᠬᠤ᠂ ᠡᠪ ᠦᠭᠡᠢ ᠪᠠᠶᠢᠳᠠᠯ ᠢ ᠨᠠᠮᠳᠠᠭᠤᠯᠬᠤ ᠪᠠᠷ ᠭᠤᠣᠯᠯᠠᠵᠤ᠂ ᠭᠡᠷ ᠤᠨ ᠠᠬᠠᠮᠠᠳ ᠬᠡᠦᠬᠡᠳ ᠤᠨ ᠨᠠᠰᠤ ᠪᠠ ᠪᠡᠶ᠎ᠡ ᠶᠢᠨ ᠬᠦᠨᠳᠦ ᠶᠢ ᠦᠨᠳᠦᠰᠦᠯᠡᠨ᠂ ᠬᠠᠯᠠᠭᠤᠨ ᠢ ᠪᠠᠭᠤᠷᠠᠭᠤᠯᠬᠤ ᠡᠮ ᠢ ᠵᠣᠬᠢᠰᠲᠠᠢ ᠰᠣᠩᠭᠤᠬᠤ ᠶᠢᠨ ᠵᠡᠷᠭᠡ ᠪᠠᠷ ᠳᠦᠷᠢᠮᠵᠢᠭᠦᠯᠦᠨ ᠬᠡᠷᠡᠭᠯᠡᠵᠦ ᠪᠣᠯᠤᠨ᠎ᠠ᠂ ᠪᠠᠰᠠ ᠬᠠᠨᠢᠶᠠᠯᠭᠠᠬᠤ ᠪᠠ ᠬᠠᠮᠠᠷ ᠪᠥᠭᠯᠡᠷᠡᠬᠦ ᠵᠡᠷᠭᠡ ᠡᠪᠡᠳᠴᠢᠨ ᠤ ᠢᠯᠡᠷᠡᠯ ᠢ ᠨᠠᠮᠳᠠᠭᠠᠬᠤ ᠡᠮ ᠢ ᠭᠡᠷᠡᠭᠯᠡᠵᠤ ᠪᠤᠯᠤᠨ᠎ᠠ ᠭᠡᠵᠤ ᠢᠯᠡᠳᠭᠡᠪᠡ᠃           ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 5 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号