| ᠬᠢᠩᠭᠠᠨ ᠠᠶᠢᠮᠠᠭ ᠤᠨ ᠡᠯ᠎ᠡ ᠭᠠᠵᠠᠷ ᠤᠨ ᠮᠦᠰᠦ ᠴᠠᠰᠤᠨ ᠤ ᠵᠢᠭᠤᠯᠴᠢᠯᠠᠯ ᠤᠯᠠᠮ ᠢᠶᠠᠷ ᠬᠦᠭᠵᠢᠶᠡᠨᠳᠡᠢ ᠪᠤᠯᠵᠤ | ᠢᠷᠡᠬᠦ ᠶᠢ ᠲᠠᠭᠠᠯᠳᠤᠨ᠂ ᠤᠶᠢᠷ᠎ᠠ ᠶᠢᠨ ᠡᠳᠦᠷ ᠤᠯᠠᠭᠠᠨᠬᠤᠳᠠ ᠶᠢᠨ ᠲᠤᠯᠤᠳᠤᠭᠠᠷ ᠬᠤᠭᠤᠴᠠᠭᠠᠨ ᠤ ᠮᠦᠰᠦ ᠴᠠᠰᠤᠨ ᠤ | ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠡᠬᠢᠯᠡᠵᠦ᠂ ᠤᠯᠠᠨ ᠲᠦᠮᠡᠨ ᠳᠤ ᠦᠪᠡᠷᠮᠢᠴᠠ ᠤᠨᠴᠠᠯᠢᠬ ᠲᠠᠢ ᠮᠦᠰᠦ | ᠴᠠᠰᠤᠨ ᠤ ᠵᠢᠭᠤᠯᠴᠢᠯᠠᠯ ᠢ ᠪᠡᠶᠡᠴᠢᠯᠡᠨ ᠤᠶᠢᠯᠠᠭᠠᠭᠤᠯᠪᠠ᠃ | ︽ᠭᠡᠷ ᠤᠨ ᠡᠭᠦᠳᠡᠨ ᠳᠤ ᠪᠠᠰᠠ ᠡᠶᠢᠮᠦ ᠰᠠᠶᠢᠬᠠᠨ ᠴᠠᠨᠠᠯᠠᠯᠳᠠ ᠶᠢᠨ ᠲᠠᠯᠠᠪᠠᠢ ᠲᠠᠢ ᠪᠤᠯᠵᠠᠢ᠂ ᠦᠨᠡᠭᠡᠷ ᠵᠤᠯ | ᠵᠢᠷᠭᠠᠯ ᠲᠠᠢ ᠪᠠᠶᠢᠨ᠎ᠠ︕︾ ᠭᠡᠵᠦ ᠴᠠᠰᠤᠨ ᠳᠤ ᠴᠠᠨᠠᠯᠠᠬᠤ ᠪᠠᠭ᠋ᠠᠳᠡᠨ ᠰᠦᠩ ᠭᠥᠸᠧ ᠵᠢᠶᠦ᠋ᠨ ᠪᠠᠶᠠᠷᠯᠠᠨ ᠬᠡᠯᠡᠨ᠎ᠡ᠃ | ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠪᠠᠶᠠᠨᠴᠠᠭᠠᠨ ᠠᠭᠤᠯᠠ ᠶᠢᠨ ᠦᠵᠡᠮᠵᠢ ᠶᠢᠨ ᠤᠷᠤᠨ ᠤ ᠪᠠᠶᠠᠨᠴᠠᠭᠠᠨ | ᠠᠭᠤᠯᠠ ᠶᠢᠨ ᠴᠠᠨᠠᠯᠠᠯᠳᠠ ᠶᠢᠨ ᠲᠠᠯᠠᠪᠠᠢ ᠵᠢᠩᠬᠢᠨᠢ ᠪᠠᠷ ᠠᠰᠢᠭᠯᠠᠯᠳᠠ ᠳᠤ ᠤᠷᠤᠵᠦ᠂ ᠴᠠᠰᠤᠨ ᠳᠤ ᠴᠠᠨᠠᠯᠠᠬᠤ ᠪᠠᠭ᠋ᠠᠳᠡᠳ ᠤᠨ | ᠠᠩᠬᠠᠷᠤᠯ ᠢ ᠶᠡᠭᠡᠪᠡᠷ ᠲᠠᠳᠠᠯ᠎ᠠ᠃ | ︽ᠪᠢᠳᠡ ᠴᠠᠰᠤᠨ ᠳᠤ ᠴᠠᠨᠠᠯᠠᠬᠤ ᠪᠠᠭ᠋ᠠᠳᠡᠳ ᠲᠤ ᠲᠤᠰᠬᠠᠶ ᠮᠡᠷᠭᠡᠵᠢᠯ ᠤᠨ ᠪᠣᠯᠪᠠᠰᠤᠷᠠᠯ ᠪᠠ ᠤᠷᠤᠯᠳᠤᠭᠠᠨ ᠤ | ᠲᠠᠯᠠᠪᠤᠷ ᠬᠠᠩᠭᠠᠵᠤ᠂ ᠴᠠᠨᠠᠯᠠᠯᠳᠠ ᠶᠢᠨ ᠲᠠᠯᠠᠪᠠᠶ ᠳᠤ ᠣᠳᠣ ᠠᠩᠬ᠎ᠠ ᠵᠡᠷᠭᠡ ᠶᠢᠨ ᠪᠠ ᠳᠤᠮᠳᠠ ᠵᠡᠷᠭᠡ ᠶᠢᠨ ᠬᠤᠶᠠᠷ ᠵᠤᠷᠪᠤᠰ | ᠴᠠᠨᠠᠯᠠᠯᠳᠠ ᠶᠢᠨ ᠵᠠᠮ ᠲᠠᠢ ᠪᠣᠯᠵᠠᠶ᠃ ᠡᠭᠦᠨ ᠤ ᠵᠡᠷᠭᠡ ᠳᠤ᠂ ᠪᠢᠳᠡ ᠪᠠᠰᠠ ᠰᠥᠨᠢ ᠶᠢᠨ ᠲᠠᠯᠠᠪᠤᠷ ᠭᠠᠷᠭᠠᠵᠤ᠂ | ᠵᠢᠭᠤᠯᠴᠢᠯᠠᠭᠴᠢᠳ ᠤᠨ ᠰᠠᠨᠠᠭᠠᠨ ᠳᠤ ᠨᠡᠶᠢᠴᠡᠭᠰᠡᠨ ᠴᠠᠰᠤᠨ ᠳᠤ ᠴᠠᠨᠠᠯᠠᠬᠤ ᠦᠵᠡᠮᠵᠢᠲᠦ ᠣᠷᠣᠨ ᠢ ᠪᠦᠬᠦ ᠲᠠᠯ᠎ᠠ ᠪᠠᠷ | ᠪᠠᠶᠢᠭᠤᠯᠬᠤ ᠪᠠᠷ ᠴᠢᠷᠮᠠᠶᠢᠵᠦ ᠪᠠᠶᠢᠨ᠎ᠡ︾ ᠭᠡᠵᠦ ᠤᠯᠠᠭᠠᠨᠬᠤᠳᠠ ᠶᠢᠨ ᠼᠠᠢ ᠰᠢᠨ ᠤᠯᠤᠰ ᠤᠨ ᠥᠮᠴᠢᠯᠡᠯ ᠤᠨ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ | ᠳᠠᠷᠤᠭ᠎ᠠ ᠷᠧᠨ ᠵᠢᠶᠠᠨ ᠹᠸᠢ ᠲᠠᠨᠢᠯᠴᠠᠭᠤᠯᠪᠠ᠃ | ᠮᠥᠰᠥ ᠴᠠᠰᠤᠨ ᠤ ᠵᠤᠭ᠎ᠠ ᠴᠡᠩᠭᠡᠯ ᠤᠨ ᠣᠷᠣᠨ ᠳᠤ᠂ ᠴᠠᠰᠤᠳᠦ ᠭᠠᠵᠠᠷ ᠤᠨ ᠮᠣᠲ᠋ᠣᠷ᠂ ᠴᠠᠰᠤᠳᠦ ᠭᠠᠵᠠᠷ ᠤᠨ | ᠲᠠᠩᠺ ᠵᠡᠷᠭᠡ ᠠᠯᠢ ᠣᠯᠠᠨ ᠵᠤᠭ᠎ᠠ ᠴᠡᠩᠭᠡᠯ ᠤᠨ ᠲᠥᠷᠥᠯ ᠵᠦᠢᠯ ᠨᠢ ᠬᠥᠮᠦᠰ ᠤᠨ ᠪᠠᠭ᠋ᠠᠷᠬᠠᠯ ᠢ ᠲᠠᠲᠠᠵᠤ᠂ | ᠵᠢᠭᠤᠯᠴᠢᠯᠠᠭᠴᠢᠳ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠤᠮᠳᠠ ᠪᠠᠶᠠᠷ ᠪᠠᠶᠠᠰᠤᠯ ᠳᠤ ᠰᠣᠭᠲᠣᠭᠤᠷᠠᠵᠤ ᠪᠠᠶᠢᠯ᠎ᠠ᠃ | | ︽ᠡᠵᠢ ᠡ᠂ ᠲᠠ ᠬᠤᠷᠳᠤᠨ ᠬᠠᠷᠠᠭᠠᠴᠢ᠂ ᠡᠳᠡᠭᠡᠷ ᠴᠠᠰᠤᠨ ᠬᠥᠮᠦᠨ ᠦᠨᠡᠬᠡᠷ ᠬᠥᠭᠡᠷᠦᠬᠦᠨ ᠪᠠᠶᠢᠨ᠎ᠠ︕ | ᠨᠠᠳᠠ ᠳᠤ ᠰᠡᠬᠦᠳᠡᠷ ᠲᠠᠳᠠᠭᠠᠳ ᠦᠭ︾ ᠭᠡᠵᠦ ᠢᠯᠠᠯᠳᠠ ᠪᠠᠯᠭᠠᠰᠤᠨ ᠤ ᠢᠯᠠᠯᠳᠠ ᠭᠠᠴᠠᠭ᠎ᠠ ᠶᠢᠨ ᠬᠡᠤᠭᠡᠳ ᠢᠨᠢᠶᠡᠯᠳᠦᠨ | ᠭᠦᠶᠦᠵᠦ ᠪᠠᠶᠠᠷᠳᠠᠢ ᠪᠠᠷ ᠰᠡᠬᠦᠳᠡᠷ ᠲᠠᠳᠠᠨ᠎ᠠ᠃ ᠢᠯᠠᠯᠳᠠ ᠪᠠᠯᠭᠠᠰᠦ ᠪᠠᠰᠠ ᠭᠤᠤᠯ ᠤᠨ ᠬᠦᠪᠡᠭᠡ ᠪᠠᠷ ᠤᠯᠠᠨ ᠶᠠᠩᠵᠦ ᠶᠢᠨ | ᠦᠩᠭᠡᠳᠦ ᠳ᠋ᠤᠩ ᠡᠯᠬᠦᠵᠦ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠦᠵᠡᠮᠵᠢ ᠶᠢᠨ ᠪᠦᠰᠡ ᠶᠢ ᠪᠦᠷᠢᠯᠳᠦᠬᠦᠯᠦᠭᠰᠡᠨ | ᠪᠠᠶᠢᠨ᠎ᠠ᠃ | ︽ᠡᠨᠡ ᠡᠪᠦᠯ᠂ ᠪᠢᠳᠡ ︿ᠮᠥᠰᠥ ᠴᠠᠰᠤ + ᠡᠷᠡᠭᠦᠯ ᠮᠡᠨᠳᠦ ᠰᠤᠪᠢᠯᠠᠯᠲᠠ﹀ ︿ᠮᠥᠰᠥ ᠴᠠᠰᠤ + ᠠᠮᠲᠠᠲᠤ | ᠢᠳᠡᠭᠡᠨ﹀ ᠵᠡᠷᠭᠡ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠨᠡᠮᠡᠭᠳᠡᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ | ᠪᠦᠲᠦᠭᠡᠭᠳᠡᠬᠦᠨ ᠢ ᠪᠠᠶᠠᠯᠢᠭᠵᠢᠭᠤᠯᠵᠤ᠂ ︿ᠬᠥᠳᠡᠭᠡ ᠲᠣᠰᠬᠤᠨ ᠤ ᠰᠡᠯᠡᠭᠦᠴᠡᠯ ᠢ ᠳᠡᠰ ᠳᠡᠪᠰᠢᠭᠦᠯᠦᠨ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠳᠥᠷᠪᠡᠨ ᠤᠯᠠᠷᠢᠯ ᠤᠨ ᠰᠢᠨᠡᠴᠢᠯᠡᠯᠲᠡ ᠳᠤ ᠬᠦᠴᠦᠨ ᠨᠡᠮᠡᠷᠢᠯᠡᠪᠡ︾ ᠭᠡᠵᠦ ᠢᠯᠠᠯᠳᠠ | ᠪᠠᠯᠭᠠᠰᠤᠨ ᠤ ᠤᠬᠠᠭᠤᠯᠬᠤ ᠭᠡᠰᠢᠭᠦᠨ ᠵᠢᠢ ᠶᠠᠨ ᠯᠢ ᠬᠡᠯᠡᠵᠦ ᠪᠠᠶᠢᠯ᠎ᠠ᠃ ︵ᠵᠢᠶᠠᠩ ᠷᠠᠨ︶ | | | | |