| ᠣᠶᠢᠷ᠎ᠠ ᠳᠤ᠂ ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠡᠯ ᠤᠨ | ᠤᠯᠠᠷᠢᠯ ᠤᠨ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠤᠬᠯᠠᠯᠲᠠ ᠢᠯᠠᠯᠲᠠ ᠪᠠᠯᠭᠠᠰᠤᠨ ᠳᠤ ᠠᠮᠵᠢᠯᠲᠠ ᠲᠠᠢ | ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠨᠢ᠂ ︽ᠬᠥᠳᠡᠭᠡ ᠲᠣᠰᠬᠤᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ · | ᠪᠢᠳᠡᠨ ᠤ ᠤᠷᠠᠯᠢᠭ ᠤᠨ ᠲᠠᠪᠴᠠᠩ︾ ᠢᠶᠠᠷ ᠭᠤᠤᠯ ᠰᠡᠳᠦᠪ ᠪᠣᠯᠭᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ | ᠭᠤᠶᠢᠳᠠ ᠰᠠᠶᠢᠬᠠᠨ ᠤᠷᠠᠨ ᠰᠠᠶᠢᠬᠠᠨ ᠤ ᠲᠤᠬᠯᠠᠯᠲᠠ ᠶᠢ ᠰᠤᠨᠢᠷᠬᠠᠭᠤᠯᠤᠬᠰᠠᠨ ᠢᠶᠠᠷ ᠪᠠᠷᠠᠬᠤ ᠥᠬᠡᠶ ᠪᠠᠰᠠ ᠬᠥᠳᠡᠭᠡ | ᠲᠣᠰᠬᠤᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ | ᠬᠦᠷ ᠬᠥᠭᠵᠢᠶᠡᠨ ᠲᠠᠢ ᠪᠤᠯᠭᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠠᠶᠢᠰᠠᠨ ᠤ ᠳ᠋ᠧᠩ ᠤᠨ ᠭᠡᠷᠡᠯ ᠳᠤᠸᠠᠯᠠᠵᠤ᠂ ᠲᠣᠭᠯᠠᠭᠴᠢᠳ | ᠭᠤᠶᠢᠳᠠ ᠰᠠᠶᠢᠬᠠᠨ ᠬᠤᠪᠴᠠᠰᠤ ᠬᠤᠨᠠᠷ ᠢᠶᠠᠨ ᠡᠮᠦᠰᠴᠦ᠂ ᠴᠤᠭ ᠵᠢᠪᠬᠤᠭ᠎ᠠ ᠲᠠᠢ ᠪᠠᠷ ᠲᠣᠭᠯᠠᠯᠲᠠ ᠭᠠᠷᠭᠠᠵᠦ᠂ ᠪᠥᠵᠢᠭ᠂ | ᠭᠤᠴᠤᠯᠠᠯ ᠳᠠᠭᠤᠤ᠂ ᠨᠠᠶᠢᠷᠠᠯ ᠳᠠᠭᠤᠤ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠲᠣᠭᠯᠠᠯᠲᠠ ᠪᠠᠷ ᠢᠶᠠᠨ ᠬᠥᠳᠡᠭᠡ | ᠲᠣᠰᠬᠤᠨ ᠤ ᠣᠨᠴᠠᠯᠢᠭᠲᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠮᠠᠯᠴᠢᠨ ᠲᠠᠷᠢᠶᠠᠴᠢᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠠ ᠨᠤᠲᠤᠭ ᠤᠰᠤ ᠪᠠᠨ ᠬᠠᠶᠢᠷᠠᠯᠠᠬᠤ ᠰᠡᠳᠭᠢᠯᠭᠡ ᠪᠠᠨ ᠢᠯᠡᠳᠭᠡᠪᠡ᠃ | | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠤᠯᠠᠭᠠᠨᠬᠤᠲᠠ ᠶᠢᠨ ᠮᠥᠰᠥ ᠴᠠᠰᠤᠨ ᠤ | ᠵᠢᠭᠤᠯᠴᠢᠯᠡᠯ ᠤᠨ ᠤᠯᠠᠷᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠪᠠᠷ᠂ ᠤᠯᠠᠭᠠᠨᠬᠤᠲᠠ | ᠦᠷᠭᠦᠯᠵᠢᠯᠡᠨ ᠨᠠᠩ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠰᠤᠶᠤᠯ ᠵᠢᠭᠤᠯᠴᠢᠯᠠᠯ ᠤᠨ ᠠᠯᠳᠠᠷᠰᠢᠯ | ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠵᠢᠭᠤᠯᠴᠢᠯᠠᠬᠴᠢᠳ ᠤᠨ ᠠᠩᠬᠠᠷᠤᠯ ᠢ | ᠲᠠᠲᠠᠵᠤ᠂ ᠬᠥᠳᠡᠭᠡ ᠲᠣᠰᠬᠤᠨ ᠤ ᠰᠣᠶᠣᠯ ᠢ ᠪᠡᠶᠡᠴᠢᠯᠡᠨ ᠤᠶᠢᠯᠠᠭᠠᠭᠤᠯᠵᠦ᠂ ᠥᠷᠭᠡᠨ ᠣᠯᠠᠨ ᠵᠢᠭᠤᠯᠴᠢᠯᠠᠬᠴᠢᠳ ᠲᠤ ᠨᠠᠩ | ᠰᠢᠯᠢᠳᠡᠭ ᠵᠢᠭᠤᠯᠴᠢᠯᠡᠯ ᠤᠨ ᠦᠢᠯᠡᠴᠢᠯᠡᠭᠡ ᠬᠠᠩᠭᠠᠬᠤ ᠪᠤᠯᠦᠨ᠎ᠠ᠃ ︵ᠯᠢᠶᠠᠨ ᠪᠤᠤ ᠸᠠᠩ ᠶᠢᠨ ᠯᠢ︶ | | | | |