ᠱᠠᠯᠢᠭ ᠵᠠᠪᠬᠠᠢ ᠶᠢ ᠠᠷᠢᠯᠭᠠᠨ ᠬᠠᠣᠯᠢ ᠪᠣᠰᠤ ᠬᠡᠪᠯᠡᠭᠳᠡᠬᠦᠨ ᠳᠤ ᠴᠣᠬᠢᠯᠲᠠ ᠥᠭᠴᠦ ᠬᠡᠦᠬᠡᠳ ᠤᠨ ᠦᠰᠦᠨ ᠪᠤᠶᠢᠵᠢᠯᠲᠠ ᠳᠤ ᠰᠠᠭᠤᠷᠢ ᠲᠠᠯᠪᠢᠨ᠎ᠠ
ᠨᠡᠶᠢᠲᠡᠯᠡᠭᠰᠡᠨ ᠴᠠᠭ᠄
2025/1/14
        ᠵᠠᠯᠠᠭᠤᠴᠤᠳ ᠪᠠᠭᠠᠴᠤᠳ ᠲᠤ ᠪᠠᠲᠤ ᠪᠠᠬᠢ ᠬᠠᠯᠬᠠᠪᠴᠢ ᠪᠠᠶᠢᠭᠤᠯᠵᠤ᠂ ᠲᠡᠳᠡᠨ ᠤ ᠦᠰᠦᠨ ᠪᠤᠶᠢᠵᠢᠯᠲᠠ ᠶᠢᠨ ᠠᠷᠢᠭᠤᠨ ᠴᠡᠪᠡᠷ ᠬᠥᠷᠥᠰᠥ ᠶᠢ ᠰᠠᠬᠢᠨ ᠬᠠᠮᠠᠭᠠᠯᠠᠵᠤ᠂ ᠨᠠᠰᠤᠨ ᠳᠤ ᠥᠯᠥ ᠭᠦᠷᠦᠭᠰᠡᠳ ᠤᠨ ︽ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠬᠤ︾ ᠳᠤ ᠬᠦᠴᠦᠯᠡᠬᠦ ᠶᠢᠨ ᠲᠦᠯᠦᠭᠡ᠂ ᠤᠯᠠᠭᠠᠨᠬᠤᠲᠠ ᠶᠢᠨ ᠳᠡᠭᠦᠯᠢᠨ ᠵᠡᠭᠡᠯᠢ ᠶᠢᠨ ᠲᠢᠶᠠᠨ ᠴᠢ ᠨᠡᠶᠢᠭᠡᠮ ᠲᠣᠭᠤᠷᠢᠭ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠴᠦ᠂ ᠬᠡᠦᠬᠡᠳ ᠤᠨ ᠦᠰᠦᠨ ᠪᠤᠶᠢᠵᠢᠯᠲᠠ ᠶᠢᠨ ᠴᠡᠪᠡᠷ ᠬᠥᠷᠥᠰᠥ ᠶᠢ ᠰᠠᠬᠢᠨ ᠬᠠᠮᠠᠭᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠠᠢ᠃
640.jpg
        ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠳᠥᠭᠦᠮ ᠣᠶᠢᠯᠠᠭᠠᠮᠵᠢᠲᠠᠶ ᠦᠭᠡ ᠶᠠᠷᠢᠶ᠎ᠠ ᠪᠠᠷ ᠰᠤᠷᠤᠭᠴᠢᠳ ᠲᠤ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠠᠮᠢᠳᠤ ᠳᠦᠷᠰᠦᠯᠢᠭ ᠬᠡᠷᠡᠭ ᠤᠨ ᠵᠢᠱᠢᠶ᠎ᠡ ᠶᠢ ᠵᠠᠳᠠᠯᠬᠤ ᠪᠠ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠬᠤ ᠪᠠᠷ ᠳᠠᠮᠵᠢᠨ᠂ ᠵᠠᠯᠠᠭᠤᠴᠤᠳ ᠪᠠᠭᠠᠴᠤᠳ ᠲᠤ ᠶᠠᠭᠤ ᠶᠢ ᠱᠠᠯᠢᠭ ᠵᠠᠪᠬᠠᠶ ᠵᠦᠢᠯᠡᠰ᠂ ᠵᠣᠭᠤᠰ ᠮᠦᠷᠦᠶᠢᠴᠡᠬᠦ ᠬᠠᠤᠯᠢ ᠪᠣᠰᠤ ᠬᠡᠪᠯᠡᠭᠳᠡᠬᠦᠨ ᠬᠢᠬᠦ ᠪᠠ ᠲᠡᠳᠡᠭᠡᠷ ᠤᠨ ᠠᠪᠴᠢᠷᠠᠭᠰᠠᠨ ᠬᠦᠨᠳᠦ ᠨᠣᠴᠢᠲᠠᠶ ᠬᠤᠤᠷ ᠬᠥᠨᠥᠭᠡᠯ ᠢ ᠨᠠᠷᠢᠨ ᠲᠠᠶᠢᠯᠪᠤᠷᠢᠯᠠᠵᠤ ᠥᠭᠴᠡᠢ᠃ ᠪᠠᠰᠠ ᠰᠤᠷᠤᠭᠴᠢᠳ ᠤᠨ ᠰᠤᠷᠤᠯᠴᠠᠯᠭ᠎ᠠ ᠪᠠ ᠥᠪᠡᠷ ᠢ ᠪᠠᠨ ᠡᠵᠡᠮᠳᠡᠬᠦ ᠪᠠᠨ ᠴᠢᠩᠭᠠᠳᠬᠠᠬᠤ ᠶᠢ ᠰᠠᠨᠠᠭᠠᠴᠢᠯᠠᠵᠤ᠂ ᠬᠠᠤᠯᠢ ᠪᠤᠰᠤ ᠬᠤᠤᠷ ᠬᠥᠨᠥᠭᠡᠯ ᠲᠠᠢ ᠨᠣᠮ ᠪᠢᠴᠢᠭ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠪᠠ ᠲᠣᠭᠯᠠᠭᠠᠮ ᠤᠨ ᠵᠥᠭᠡᠯᠡᠨ ᠲᠣᠨᠤᠭ ᠠᠴᠠ ᠤᠬᠠᠮᠰᠠᠷ ᠠᠴᠠ ᠪᠠᠨ ᠵᠠᠶᠢᠳᠠᠵᠤ᠂ ᠪᠣᠯᠪᠠᠰᠤᠨ᠂ ᠡᠷᠡᠭᠦᠯ ᠰᠠᠷᠠᠭᠤᠯ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠶᠢ ᠬᠦᠲᠦᠯᠦᠨ ᠵᠢᠯᠤᠭᠤᠳᠴᠠᠢ᠃   
 
ᠢᠷᠡᠯᠲᠡ᠄ ᠳᠡᠭᠦᠯᠢᠨ ᠵᠡᠭᠡᠯᠢ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号