| | 1 ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ | ᠳᠠᠭᠠᠭᠠᠴᠢᠯᠠᠨ ᠡᠷᠭᠢᠯᠡᠭᠰᠡᠨ ᠬᠢᠩᠭᠠᠨ ᠠᠶᠢᠮᠠᠭ ᠤᠨ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠤᠯᠠᠭᠠᠨᠬᠤᠲᠠ ᠶᠢᠨ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠳᠤ ᠶᠠᠪᠤᠭᠳᠠᠵᠤ᠂ ᠬᠢᠩᠭᠠᠨ ᠠᠶᠢᠮᠠᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠵᠥᠪᠯᠡᠯ ᠤᠨ ᠭᠡᠰᠢᠭᠦᠨ ᠨᠢᠭᠡᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠶᠣᠰᠣᠯᠠᠯ ᠳᠤ ᠣᠷᠣᠯᠴᠠᠪᠠ᠃ | | | | | ᠠᠵᠢᠯᠯᠠᠭ᠎ᠠ ᠶᠢᠨ ᠳᠤᠮᠳᠠ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠮᠢᠶ᠎ᠠ | ᠪᠥᠬᠦᠶ ᠬᠠᠷᠢᠭᠤᠴᠠᠯᠭᠠᠲᠠᠨ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠵᠢᠩᠬᠢᠨᠢ ᠪᠠᠷ | ᠡᠬᠢᠯᠡᠭᠰᠡᠨ ᠢ ᠵᠠᠷᠯᠠᠪᠠ᠃ ᠳᠠᠷᠠᠭ᠎ᠠ ᠨᠢ᠂ ᠠᠵᠢᠯᠲᠠᠳ ᠥᠷᠲᠡᠭᠡᠨ ᠳᠤ ᠣᠷᠣᠭᠰᠠᠨ ᠡᠵᠡᠩᠨᠡᠯᠲᠡ ᠶᠢᠨ ᠲᠡᠷᠭᠡ ᠳᠤ | ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠤ | ᠪᠣᠭᠤᠮᠲᠠ ᠶᠢ ᠴᠢᠩᠭᠠᠳᠬᠠᠪᠠ᠃ | | | | | ᠠᠶᠠᠨᠴᠢᠳ ᠤᠨ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠪᠠᠰᠠ ᠴᠠᠭᠠᠨ ᠰᠠᠷ᠎ᠠ ᠶᠢᠨ | ᠵᠥᠭᠡᠭᠡᠪᠦᠷᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠶᠠᠨᠴᠢᠳ ᠲᠤ ᠵᠠᠮ | ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠪᠣᠯᠤᠨ ᠲᠡᠷᠭᠡᠨ ᠳᠤ ᠰᠠᠭᠤᠬᠤ ᠳᠤ ᠠᠩᠬᠠᠷᠬᠤ ᠵᠦᠢᠯᠡᠰ ᠢ | ᠲᠦᠭᠡᠮᠡᠯᠵᠢᠭᠦᠯᠵᠦ᠂ ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠭᠤᠷ ᠠᠮᠢᠰᠬᠤᠯ ᠢ ᠪᠣᠶ ᠪᠣᠯᠭᠠᠪᠠ᠃ | | | | | | | ᠣᠶᠢᠯᠠᠭᠠᠭᠰᠠᠨ ᠢᠶᠠᠷ᠂ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠨᠢ 1 ᠰᠠᠷ᠎ᠠ ᠶᠢᠨ 14 ᠤ | ᠡᠳᠦᠷ ᠠᠴᠠ ᠡᠬᠢᠯᠡᠨ 2 ᠰᠠᠷ᠎ᠠ ᠶᠢᠨ 22 ᠤᠨ ᠡᠳᠦᠷ ᠪᠣᠯᠲᠠᠯ᠎ᠠ 40 ᠡᠳᠦᠷ ᠦᠷᠭᠦᠯᠵᠢᠯᠡᠨ᠎ᠡ᠃ ︽ᠲᠡᠦᠬᠡᠨ | ᠳᠡᠭᠡᠷᠡᠬᠢ ᠬᠠᠮᠤᠭ ᠤᠨ ᠣᠷᠳᠣ ᠴᠠᠭᠠᠨ ᠰᠠᠷ᠎ᠠ ᠶᠢᠨ ᠠᠮᠠᠷᠠᠯᠲᠠ︾ ᠨᠢ ︽ᠲᠥᠷᠥᠯ ᠰᠠᠳᠤᠨ ᠢᠶᠠᠨ ᠡᠷᠭᠢᠵᠦ ᠦᠵᠡᠬᠦ | + ᠵᠢᠭᠤᠯᠴᠢᠯᠠᠯ︾ ᠶᠢᠨ ᠬᠡᠯᠪᠡᠷᠢ ᠪᠠᠷ ᠲᠥᠪᠯᠡᠷᠡᠭᠦᠯᠦᠨ ᠭᠠᠳᠠᠭᠰᠢ ᠭᠠᠷᠬᠤ ᠵᠠᠭᠪᠤᠷ ᠢ ᠬᠥᠭᠵᠢᠭᠡᠵᠦ᠂ ᠪᠥᠬᠦ | ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 90 ᠳ᠋ᠦᠩᠰᠢᠭᠤᠷ ᠬᠥᠮᠦᠨ | ᠤᠳᠠᠭ᠎ᠠ ᠳᠤ ᠬᠦᠷᠴᠦ᠂ ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨ ᠡᠭᠦᠳᠬᠦ ᠪᠣᠯᠤᠨ᠎ᠠ᠃ | | | | | ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠨᠢ ᠲᠦᠭ ᠲᠦᠮᠡᠨ ᠭᠡᠷ ᠪᠦᠯᠢ ᠪᠣᠯᠤᠨ | ᠳᠣᠲᠣᠨᠣ ᠬᠥᠮᠦᠰ ᠤᠨ ᠬᠠᠮᠲᠤ ᠶᠢᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠭ᠎ᠠ ᠪᠥᠭᠡᠳ ᠪᠠᠰᠠ ᠡᠯ᠎ᠡ ᠰᠠᠯᠠᠭ᠎ᠠ | ᠮᠥᠴᠢᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠪᠥᠭᠡᠳ ᠡᠮᠬᠢ ᠵᠢᠷᠤᠮ ᠲᠠᠢ ᠪᠠᠶᠢᠬᠤ | ᠬᠥᠭᠡᠭᠡᠴᠡᠯᠳᠦᠯ ᠢ ᠠᠴᠢᠶᠠᠯᠠᠵᠤ ᠪᠠᠶᠢᠨ᠎ᠠ᠃ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠡᠯ᠎ᠡ ᠬᠠᠮᠢᠶ᠎ᠠ ᠪᠥᠬᠦᠶ ᠨᠢᠭᠡᠴᠢ ᠲᠠᠢ ᠬᠤᠯᠪᠣᠭᠠᠯᠠᠨ᠂ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ | ᠳᠡᠭᠡᠭᠰᠢᠯᠡᠭᠦᠯᠦᠨ᠂ ᠲᠡᠭᠡᠭᠡᠪᠦᠷᠢ ᠶᠢᠨ ᠬᠦᠴᠦᠨ ᠤ ᠬᠠᠩᠭᠠᠯᠭ᠎ᠠ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠢ ᠪᠠᠲᠤᠯᠠᠨ᠂ ᠵᠡᠭᠡᠭᠡᠪᠦᠷᠢ ᠶᠢᠨ ᠣᠷᠭᠢᠯ ᠦᠶ᠎ᠡ ᠶᠢᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ | ᠬᠠᠩᠭᠠᠵᠤ᠂ ᠠᠶᠠᠨᠴᠢᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ᠂ ᠠᠮᠤᠷ ᠲᠦᠪᠰᠢᠨ ᠢᠶᠠᠷ ᠬᠡᠷ ᠲᠡᠭᠡᠨ | ᠪᠤᠴᠠᠬᠤ ᠶᠢ ᠦᠨᠡᠨ ᠬᠦ ᠪᠠᠲᠤᠯᠠᠨ᠎ᠠ︾ ᠭᠡᠵᠦ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠨ ᠵᠢᠯᠣᠭᠤᠳᠣᠭᠴᠢ ᠵᠣᠣ ᠰᠢᠶᠠᠨ ᠹᠧᠩ ᠬᠡᠯᠡᠪᠡ᠃ | |