| | 1 ᠰᠠᠷ᠎ᠠ ᠶᠢᠨ 11 ᠤ ᠡᠳᠦᠷ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ︽ᠤᠮᠠᠷᠠᠲᠤ ᠬᠢᠯᠢ ᠶᠢᠨ ᠰᠣᠶᠣᠯ ᠢ | ᠪᠠᠳᠠᠷᠠᠭᠤᠯᠵᠤ ᠳᠤᠮᠳᠠᠳᠤ ᠶᠢᠨ ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠦᠶ᠎ᠡ︾ ᠰᠢᠨ᠎ᠡ ᠵᠢᠯ ᠤᠨ ᠦᠳᠡᠰᠢᠯᠡᠭᠡ | ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠵᠢᠶᠠᠩ ᠬᠤᠩ ᠵᠢᠶᠦ᠋ᠨ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ | | | | | | ᠦᠳᠡᠰᠢᠯᠡᠭᠡ ᠳᠡᠭᠡᠷ᠎ᠡ᠂ ᠭᠤᠴᠣᠯᠠᠯ ᠳᠠᠭᠤᠤ᠂ ᠪᠥᠵᠢᠭ᠂ ᠤᠷᠠᠨ ᠤᠩᠰᠢᠯᠭ᠎ᠠ᠂ ᠳᠥᠷᠪᠡᠨ ᠤᠲᠠᠰᠤᠲᠤ | ᠬᠤᠭᠤᠷ ᠤᠨ ᠭᠤᠴᠣᠯᠠᠯ ᠬᠥᠭᠵᠢᠮ ᠵᠡᠷᠭᠡ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠲᠣᠭᠯᠠᠭᠴᠢᠳ ᠬᠠᠮᠤᠭ ᠤᠨ ᠦᠨᠡᠨ | ᠪᠣᠳᠠᠲᠠᠶ᠂ ᠬᠠᠮᠤᠭ ᠤᠨ ᠪᠣᠷᠣᠭᠵᠢᠭᠤᠨ ᠲᠣᠭᠯᠠᠯᠲᠠ ᠪᠠᠷ ᠰᠠᠶᠢᠨ ᠰᠠᠶᠢᠬᠠᠨ ᠠᠮᠢᠳᠤᠷᠠᠯ ᠢᠶᠠᠨ ᠢᠯᠡᠷᠡᠭᠦᠯᠵᠦ᠂ ᠬᠥᠳᠡᠭᠡ | ᠲᠣᠰᠬᠤᠨ ᠤ ᠰᠣᠶᠣᠯ ᠤᠨ ᠬᠦᠴᠦᠨ ᠪᠠ ᠰᠣᠶᠣᠯ ᠤᠨ ᠢᠲᠡᠭᠡᠯ ᠢ ᠭᠦᠢᠴᠡᠳ ᠬᠠᠷᠠᠭᠤᠯᠵᠠᠢ᠃ | | | | | | ︽ᠲᠣᠭᠯᠠᠯᠲᠠ ᠪᠠᠷ ᠳᠠᠮᠵᠢᠨ᠂ ᠮᠠᠨ ᠤ ᠰᠢᠨ᠎ᠡ ᠠᠮᠢᠳᠤᠷᠠᠯ᠂ ᠰᠢᠨ᠎ᠡ ᠪᠠᠶᠢᠳᠠᠯ ᠢ ᠢᠯᠡᠷᠡᠭᠦᠯᠬᠦ ᠶᠢ ᠬᠦᠰᠡᠵᠦ | ᠪᠠᠶᠢᠨ᠎ᠠ᠂ ᠪᠠᠰᠠ ᠬᠠᠮᠤᠭ ᠤᠨ ᠴᠢᠩ ᠰᠡᠳᠬᠢᠯ ᠤᠨ ᠵᠥᠩᠨᠡᠯ ᠢᠶᠠᠨ ᠲᠤᠬᠠᠶ ᠶᠢᠨ ᠲᠠᠯᠠᠪᠠᠢ ᠶᠢᠨ ᠦᠵᠡᠭᠴᠢᠳ ᠲᠤ ᠬᠦᠷᠭᠡᠵᠦ᠂ | ᠤᠯᠠᠨ ᠤ ᠰᠢᠨ᠎ᠡ ᠨᠢᠭᠡ ᠵᠢᠯ ᠤᠨ ᠠᠯᠢᠪᠠ ᠪᠦᠬᠦᠨ ᠤᠷᠤᠭᠰᠢᠲᠠᠢ᠂ ᠭᠡᠷ ᠬᠤᠲᠠᠯᠠᠭᠠᠷ ᠢᠶᠠᠷ ᠢᠶᠠᠨ ᠵᠣᠯ ᠵᠢᠷᠭᠠᠯ ᠲᠠᠢ | ᠪᠠᠶᠢᠬᠤ ᠶᠢ ᠵᠥᠩᠨᠡᠶ᠎ᠡ︾ ᠭᠡᠵᠦ ᠭᠡᠭᠡᠨᠰᠦ᠋ᠮ᠎ᠡ ᠪᠠᠯᠭᠠᠰᠤᠨ ᠤ ᠪᠠᠶᠠᠨᠲᠠᠯ᠎ᠠ ᠭᠠᠴᠠᠭᠠᠨ ᠤ ᠰᠣᠶᠣᠯ ᠤᠨ ᠭᠠᠴᠠᠭᠠᠨ ᠤ ᠳᠠᠷᠤᠭ᠎ᠠ | ᠯᠢᠨ ᠮᠢᠩ ᠯᠢ ᠬᠡᠯᠡᠪᠡ᠃ | | | | | ᠠᠵᠢᠯᠯᠠᠭ᠎ᠠ ᠶᠢᠨ ᠳᠤᠮᠳᠠ ᠪᠠᠰᠠ ᠬᠠᠷᠢᠯᠴᠠᠨ ᠬᠥᠳᠡᠯᠦᠯᠴᠡᠬᠦ ᠲᠣᠭᠯᠠᠭᠠᠮ ᠪᠠ ᠬᠠᠤᠯᠢ ᠴᠠᠭᠠᠵᠠ ᠶᠢᠨ ᠮᠡᠳᠡᠯᠭᠡ ᠶᠢᠨ | ᠤᠷᠤᠯᠳᠤᠭᠠᠨ ᠵᠡᠷᠭᠡ ᠶᠢ ᠲᠣᠬᠢᠷᠠᠭᠤᠯᠵᠤ᠂ ᠺᠠᠳ᠋ᠷ ᠤᠯᠠᠨ ᠲᠦᠮᠡᠨ ᠢᠳᠡᠪᠬᠢᠲᠡᠢ ᠣᠷᠣᠯᠴᠠᠵᠤ᠂ ᠢᠳᠡᠪᠬᠢᠲᠡᠢ ᠬᠠᠷᠢᠭᠤᠯᠵᠤ᠂ | ᠪᠦᠯᠬᠦᠮ ᠨᠡᠶᠢᠲᠡ ᠶᠢᠨ ᠬᠠᠮᠲᠤᠷᠠᠯ ᠤᠨ ᠤᠬᠠᠮᠰᠠᠷ ᠢ ᠴᠢᠩᠭᠠᠳᠬᠠᠬᠤ ᠶᠢᠨ ᠬᠠᠮᠲᠤ᠂ ᠦᠨᠳᠦᠰᠦᠲᠡᠨ ᠨᠦᠭᠦᠳ ᠪᠦᠯᠬᠦᠮᠳᠡᠨ | ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠤᠬᠠᠢ ᠶᠢᠨ | ᠲᠠᠯᠠᠪᠠᠢ ᠳᠤ ᠪᠠᠶᠠᠷ ᠪᠠᠭ᠋ᠠᠳᠤᠯ ᠢᠶᠠᠷ ᠪᠢᠯᠬᠠᠵᠠᠢ᠃ | | | | | ᠲᠤᠰ ᠤᠳᠠᠭᠠᠨ ᠤ ᠰᠢᠨ᠎ᠡ ᠵᠢᠯ ᠤᠨ ᠦᠳᠡᠰᠢᠯᠡᠭᠡ ᠨᠢ ᠤᠷᠠᠨ ᠰᠠᠶᠢᠬᠠᠨ ᠤ ᠲᠣᠭᠯᠠᠯᠲᠠ ᠪᠠᠷ ᠬᠤᠯᠪᠣᠭᠠᠰᠤ | ᠪᠣᠯᠭᠠᠵᠤ᠂ ᠬᠥᠷᠰᠢ ᠵᠡᠷᠭᠡᠯᠡᠳᠡᠭᠡ ᠶᠢᠨ ᠰᠡᠳᠬᠢᠯᠭᠡ᠂ ᠤᠯᠤᠰ ᠭᠡᠷ ᠤᠨ ᠰᠡᠳᠬᠢᠯᠭᠡ ᠶᠢ ᠬᠤᠯᠪᠣᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ | ᠦᠭᠡᠢ ᠪᠠᠰᠠ ᠪᠦᠯᠬᠦᠮᠳᠡᠨ ᠲᠡᠮᠡᠴᠡᠵᠦ᠂ ᠡᠷᠡᠭᠦᠯ ᠥᠭᠡᠳᠡᠷᠬᠡᠭ ᠪᠠᠶᠢᠬᠤ ᠦᠵᠡᠯ ᠰᠠᠨᠠᠭ᠎ᠠ ᠶᠢ ᠺᠠᠳ᠋ᠷ ᠤᠯᠠᠨ ᠲᠦᠮᠡᠨ ᠤ | ᠰᠡᠳᠬᠢᠯ ᠳᠤ ᠭᠦᠨ ᠦᠨᠳᠦᠰᠦᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠤᠶᠤᠨ ᠰᠠᠨᠠᠭᠠᠨ ᠤ ᠬᠦᠴᠦᠨ ᠴᠢᠳᠠᠯ ᠨᠡᠮᠡᠷᠢᠯᠡᠵᠡᠢ᠃ | | | | |