| | ᠴᠠᠭᠠᠨ ᠰᠠᠷ᠎ᠠ ᠣᠶᠢᠷᠠᠳᠬᠤ ᠪᠠᠷ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠠᠮᠤᠷ ᠲᠦᠪᠰᠢᠨ ᠢ | ᠦᠨᠡᠨ ᠬᠦ ᠪᠠᠲᠤᠯᠠᠵᠤ᠂ ᠠᠳᠠᠯ ᠠᠬᠤᠶ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠵᠢᠯ ᠤᠨ ᠡᠮᠦᠨᠡᠬᠢ ᠠᠮᠤᠷ ᠲᠦᠪᠰᠢᠨ ᠤ ᠳᠠᠯᠳᠠ | ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠠᠶᠤᠯᠭᠦᠶ | ᠦᠢᠯᠡᠳᠪᠦᠷᠢᠯᠡᠯ ᠤᠨ ᠡ᠊ᠡᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ 1 ᠰᠠᠷ᠎ᠠ ᠶᠢᠨ 13 ᠤ ᠡᠳᠦᠷ ᠤᠨ | ᠦᠳᠡ ᠶᠢᠨ ᠡᠮᠦᠨ᠎ᠡ᠂ ᠵᠢᠶᠠᠨ ᠰᠢᠩ ᠨᠡᠶᠢᠭᠡᠮ ᠲᠣᠭᠤᠷᠢᠭ ᠬᠠᠷᠢᠶ᠎ᠠ ᠣᠷᠣᠨ ᠤ ᠪᠠᠨ ᠡᠯ᠎ᠡ ᠰᠠᠭᠤᠭᠠᠯᠢ ᠠᠷᠠᠳ ᠤᠨ | ᠲᠣᠭᠤᠷᠢᠭ ᠤᠨ ᠠᠳᠠᠯ ᠠᠬᠤᠢ ᠶᠢᠨ ᠺᠣᠮᠫᠠᠨᠢ ᠶᠢ ᠵᠣᠬᠢᠶᠠᠨ ᠪᠠᠶᠢᠭᠤᠯᠵᠤ ᠵᠢᠯ ᠤᠨ ᠡᠴᠦᠰ ᠤᠨ ᠠᠳᠠᠯ ᠠᠬᠤᠢ ᠶᠢᠨ | ᠠᠮᠤᠷ ᠲᠦᠪᠰᠢᠨ ᠤ ᠬᠤᠷᠠᠯ ᠬᠤᠷᠠᠯᠳᠤᠭᠤᠯᠪᠠ᠃ ᠳᠡᠭᠦᠯᠢᠨ ᠬᠡᠷᠡᠭ ᠡᠷᠬᠢᠯᠡᠬᠦ ᠭᠠᠵᠠᠷ ᠤᠨ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ᠂ ᠵᠢᠶᠠᠨ ᠰᠢᠩ ᠨᠡᠶᠢᠭᠡᠮ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ | ᠲᠦ᠋ ᠵᠢᠩ ᠵᠢᠩ᠂ ᠬᠡᠷᠡᠭ ᠡᠷᠬᠢᠯᠡᠬᠦ ᠭᠠᠵᠠᠷ ᠤᠨ ᠠᠳᠠᠯ ᠠᠬᠤᠢ ᠶᠢᠨ ᠠᠯᠪᠠᠨ ᠭᠡᠷ ᠤᠨ ᠡᠷᠬᠢᠯᠡᠭᠴᠢ ᠶᠠᠩ ᠹᠧᠩ ᠺᠦᠨ | ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠹᠠᠨ ᠱᠧᠩ ᠼᠠᠢ | ᠲᠤᠰ ᠤᠳᠠᠭᠠᠨ ᠤ ᠬᠤᠷᠠᠯ ᠳᠤ ᠣᠷᠣᠯᠴᠠᠪᠠ᠃ | | | | | ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ᠂ ᠠᠮᠤᠷ ᠲᠦᠪᠰᠢᠨ ᠤ ᠤᠬᠠᠮᠰᠠᠷ ᠢ ᠲᠠᠬᠢᠨ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ | ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠰᠠᠨᠠᠭᠠᠰᠢᠷᠠᠨ ᠵᠣᠪᠠᠨᠢᠬᠤ ᠤᠬᠠᠮᠰᠠᠷ ᠢ ᠪᠠᠲᠤ ᠪᠤᠢ ᠪᠣᠯᠭᠠᠵᠤ᠂ ᠠᠵᠢᠯᠯᠠᠵᠤ ᠪᠠᠶᠢᠭ᠎ᠠ ᠬᠥᠮᠦᠰ ᠵᠢᠴᠢ ᠬᠠᠷᠢᠶ᠎ᠠ | ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨ ᠬᠦ ᠴᠢᠩᠭᠠᠳᠬᠠᠬᠤ | ᠬᠡᠷᠡᠭᠲᠡᠢ᠃ ᠬᠤᠶᠠᠷ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ | ᠲᠣᠭᠲᠠᠭᠠᠯ ᠠᠴᠠ ᠵᠥᠷᠢᠴᠡᠨ ᠭᠠᠯ ᠰᠡᠷᠭᠡᠶᠢᠯᠡᠨ ᠤᠨᠲᠠᠷᠠᠭᠠᠬᠤ ᠵᠠᠮ ᠤᠨ ᠠᠰᠠᠷ ᠤᠨ ᠬᠤᠩᠬᠢᠯ ᠢ ᠡᠵᠡᠯᠡᠨ ᠬᠡᠷᠡᠭᠯᠡᠬᠦ᠂ | ᠳᠤᠷ᠎ᠠ ᠪᠠᠷ ᠤᠲᠠᠰᠤ ᠵᠠᠯᠭᠠᠨ ᠴᠠᠬᠢᠯᠭᠠᠨ ᠬᠥᠳᠡᠯᠭᠡᠭᠦᠷᠲᠦ ᠲᠡᠷᠭᠡ ᠪᠠᠨ ᠴᠡᠨᠡᠭᠯᠡᠬᠦ᠂ ᠵᠢᠵᠢᠭ ᠲᠣᠭᠤᠷᠢᠭ ᠤᠨ | ᠲᠡᠷᠭᠡᠨ ᠤ ᠰᠠᠷᠠᠪᠴᠢᠨ ᠳᠤ ᠳᠤᠷ᠎ᠠ ᠪᠠᠷ ᠢᠶᠠᠨ ᠶᠠᠭᠤᠮ᠎ᠠ ᠣᠪᠣᠭᠠᠯᠠᠬᠤ᠂ ᠭᠠᠵᠠᠷ ᠳᠣᠤᠷᠠᠬᠢ ᠲᠡᠷᠭᠡᠨ ᠬᠥᠮᠥᠷᠭᠡ ᠪᠠ | ᠠᠭᠠᠷ ᠲᠣᠬᠢᠷᠠᠭᠤᠯᠤᠭᠴᠢ ᠵᠢᠶᠠᠰᠠ ᠳᠡᠭᠡᠷ᠎ᠡ ᠨᠣᠴᠣᠮᠠᠲᠠᠭᠠᠶ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ ᠬᠠᠳᠠᠭᠠᠯᠠᠬᠤ᠂ | ᠰᠠᠭᠤᠭᠠᠯᠢ ᠠᠷᠠᠳ ᠤᠨ ᠲᠣᠭᠤᠷᠢᠭ ᠤᠨ ᠬᠠᠶᠠᠭᠳᠠᠮᠠᠯ ᠪᠣᠳᠠᠰ ᠲᠡᠭᠦᠳᠡᠭ ᠨᠠᠰᠤᠲᠠᠶᠢᠴᠦᠳ ᠨᠣᠴᠣᠮᠠᠲᠠᠭᠠᠶ ᠪᠣᠳᠠᠰ ᠢ | ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠵᠡᠷᠭᠡ ᠡᠳᠦᠷ ᠲᠤᠲᠤᠮ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠭᠤᠷᠪᠠ᠂ | ᠠᠮᠤᠷ ᠲᠦᠪᠰᠢᠨ ᠢᠶᠠᠷ ᠬᠤᠸᠠᠷ ᠫᠤᠤᠵᠢᠩ ᠲᠠᠯᠪᠢᠬᠤ ᠰᠠᠨᠠᠭᠤᠯᠤᠮᠵᠢ ᠶᠢᠨ ᠠᠵᠢᠯ ᠢ ᠰᠠᠶᠢᠲᠤᠷ ᠬᠢᠵᠦ᠂ ᠴᠠᠭᠠᠨ ᠰᠠᠷ᠎ᠠ | ᠠᠴᠠ ᠡᠮᠦᠨ᠎ᠡ ᠬᠤᠶᠢᠨᠠᠬᠢ ᠡᠯ᠎ᠡ ᠲᠥᠷᠥᠯ ᠤᠨ ᠭᠠᠯ ᠤᠨ ᠠᠶᠤᠯ ᠤᠨ ᠡ᠊ᠡᠳᠡᠯ ᠭᠠᠷᠬᠤ ᠶᠢ ᠡᠷᠡᠰ ᠬᠤᠷᠢᠭᠯᠠᠬᠤ | ᠬᠡᠷᠡᠭᠲᠡᠶ᠃ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠪᠠᠶᠢᠩᠭᠤᠵᠢᠭᠤᠯᠬᠤ ᠬᠡᠷᠡᠭᠲᠡᠶ᠃ ᠳᠥᠷᠪᠡ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠣᠯᠪᠠᠰᠤᠷᠠᠯ ᠵᠢᠴᠢ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯ ᠢ ᠰᠠᠶᠢᠲᠤᠷ ᠬᠢᠵᠦ᠂ | ᠠᠰᠠᠭᠤᠳᠠᠯ ᠭᠠᠷᠪᠠᠯ ᠴᠠᠭ ᠲᠤᠬᠠᠢ ᠳᠤᠨᠢ ᠪᠦᠲᠦᠮᠵᠢᠲᠡᠶ ᠠᠷᠭᠠᠴᠠᠭᠠᠵᠤ᠂ ᠲᠣᠬᠢᠲᠠᠶ ᠰᠢᠢᠳᠪᠦᠷᠢᠯᠡᠬᠦ ᠶᠢ ᠦᠨᠡᠨ ᠬᠦ | ᠪᠠᠲᠤᠯᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ | ᠭᠡᠪᠡ᠃ | | | | | ᠳᠠᠷᠠᠭᠠᠴᠢ ᠶᠢᠨ ᠠᠯᠬᠤᠮ ᠳᠤ᠂ ᠵᠢᠶᠠᠨ ᠰᠢᠩ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠠᠷᠢᠶ᠎ᠠ ᠣᠷᠣᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ | ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠠᠮᠤᠭᠤᠯᠠᠩ᠂ ᠪᠠᠶᠠᠷ ᠪᠠᠶᠠᠰᠬᠤᠯᠠᠩ ᠲᠠᠢ᠂ ᠥᠯᠵᠡᠢ | ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠨ᠎ᠠ᠃ | | | | |